ᠯᠦᠸᠧ ᠲᠦᠸᠧ ᠱᠠᠨ ᠪᠠᠯᠭᠠᠰᠤ  ︽ᠪᠦᠲᠦᠮᠵᠢᠲᠡᠢ ᠵᠣᠯᠭᠠᠭᠤᠯᠬᠤ︾ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠠᠳᠠᠯᠢᠳᠬᠠᠨ ᠰᠢᠯᠭᠠᠷᠠᠭᠤᠯᠬᠤ ᠤᠷᠤᠯᠳᠤᠭᠠᠨ ᠬᠢᠭᠰᠡᠨ
ᠨᠡᠶᠢᠲᠡᠯᠡᠭᠰᠡᠨ ᠴᠠᠭ᠄
2024/11/28
  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ ᠲᠦᠷᠦᠯ ᠤᠨ ᠠᠵᠢᠯ ᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠪᠤᠳᠠᠳᠠᠶᠢᠵᠢᠭᠤᠯᠵᠤ᠂ ᠲᠣᠰᠬᠤᠨ ᠤ ᠺᠠᠳ᠋ᠷ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ  ᠠᠵᠢᠯᠯᠠᠬᠤ ᠠᠩᠬᠢ ᠶᠢᠨ ᠭᠡᠰᠢᠭᠦᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠲᠦᠷᠦ ᠶᠢᠨ ᠪᠤᠳᠤᠯᠭ᠎ᠠ ᠶᠢᠨ ᠮᠡᠳᠡᠯᠭᠡ ᠶᠢ ᠪᠦᠬᠦ ᠲᠠᠯ᠎ᠠ ᠪᠠᠷ ᠣᠶᠢᠯᠠᠭᠠᠵᠤ᠂ ᠲᠡᠳᠡᠨ ᠢ ᠵᠤᠷᠢᠬᠵᠢᠭᠤᠯᠤᠨ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠨᠢ ᠢᠯᠡᠷᠡᠭᠦᠯᠬᠦ ᠶᠢᠨ ᠲᠥᠯᠥᠭᠡ᠂ 11 ᠰᠠᠷ᠎ᠠ ᠶᠢᠨ 27 ᠤ ᠡᠳᠦᠷ ᠯᠦᠸᠧ ᠲᠦᠸᠧ ᠱᠠᠨ ᠪᠠᠯᠭᠠᠰᠤ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠥᠷᠨᠢᠭᠦᠯᠵᠦ᠂  ᠪᠥᠬᠦ ᠪᠠᠯᠭᠠᠰᠤᠨ ᠤ 19 ᠲᠣᠰᠬᠤᠨ ᠤ ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠭᠡᠰᠢᠭᠦᠨ᠂ ︽ᠬᠤᠶᠠᠷ ᠵᠥᠪᠯᠡᠯ︾ ᠤᠨ ᠭᠡᠰᠢᠬᠦᠨ᠂ ᠲᠣᠰᠬᠤᠨ ᠳᠠᠭᠠᠭᠠᠴᠢᠯᠠᠭᠰᠠᠨ ᠪᠠᠯᠭᠠᠰᠤᠨ ᠤ ᠺᠠᠳ᠋ᠷ ᠵᠡᠷᠭᠡ ᠪᠠᠷ ᠪᠦᠷᠢᠯᠳᠦᠭᠰᠡᠨ 19 ᠲᠥᠯᠥᠭᠡᠯᠡᠭᠴᠢᠳ ᠤᠨ ᠠᠩᠭᠢ ᠶᠢᠨ 57 ᠬᠥᠮᠦᠨ ᠤᠷᠤᠯᠳᠤᠭᠠᠨ ᠳᠤ ᠣᠷᠣᠯᠴᠠᠪᠠ᠃ ᠤᠷᠤᠯᠳᠤᠭᠠᠨ ᠢ ᠠᠩᠬᠠᠨ ᠤ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠬᠡᠵᠦ ᠬᠤᠶᠠᠷ ᠱᠠᠳᠤ ᠬᠤᠪᠢᠶᠠᠨ᠂ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂  ᠲᠦᠭᠰᠢᠬᠦᠷᠢᠳᠦ ᠰᠡᠳᠦᠪ  ᠬᠡᠮᠡᠬᠦ 3 ᠭᠤᠭᠴᠤᠭ᠎ᠠ ᠲᠤᠬᠢᠷᠠᠭᠤᠯᠵᠤ᠂  ᠠᠭᠤᠯᠭ᠎ᠠ ᠰᠡᠳᠦᠪ ᠨᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠦᠨᠳᠦᠰᠦᠨ ᠮᠡᠳᠡᠯᠭᠡ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠡᠭᠦᠷᠭᠡ ᠲᠠᠢ ᠨᠢᠭᠲᠠ ᠤᠶᠠᠯᠳᠤᠭᠰᠠᠨ ᠪᠠᠶᠢᠨ᠎ᠠ᠃  ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠰᠢᠨ ᠷᠦᠨ ᠵᠢᠶᠠᠩ ᠪᠠᠶᠠᠷ ᠤᠨ ᠦᠭᠡ ᠬᠡᠯᠡᠵᠦ᠂  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠭᠠᠲᠤᠷ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠪᠠᠭᠠᠳᠤᠷ ᠶᠠᠷᠢᠶᠠᠨ ᠳᠠᠭᠠᠨ᠂ ᠡᠨᠡ ᠤᠳᠠᠭᠠᠨ ᠤ ᠠᠵᠢᠯᠯᠠᠭ᠎ᠠ ᠪᠣᠯ ᠳᠡᠭᠡᠳᠦ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ ᠲᠦᠷᠦᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠢ ᠡᠵᠡᠮᠳᠡᠵᠦ᠂ ᠨᠠᠮ ᠤᠨ ᠤᠨᠤᠯ ᠤᠨ ᠬᠥᠮᠦᠵᠢᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶᠢᠯᠠᠭᠰᠠᠨ ᠠᠵᠢᠯ ᠤᠨ ᠮᠡᠳᠡᠯᠭᠡ ᠶᠢ ᠭᠦᠨᠵᠡᠭᠡᠢ ᠰᠤᠷᠤᠯᠴᠠᠬᠤ ᠰᠠᠶᠢᠨ ᠠᠵᠠ ᠲᠣᠬᠢᠶᠠᠯ  ᠂ ᠪᠦᠬᠦ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠪᠦᠲᠦᠮᠵᠢᠲᠡᠢ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠲᠣᠰᠬᠤᠨ ᠤ ᠬᠢᠨ ᠠᠵᠢᠯ ᠤᠨ ᠬᠠᠯᠠᠭᠤᠨ ᠰᠡᠳᠬᠢᠯᠭᠡ ᠪᠣᠯᠤᠨ ᠡᠷᠴᠢ ᠵᠣᠷᠢᠭ ᠢᠶᠠᠨ ᠦᠷᠭᠦᠯᠵᠢᠯᠡᠨ ᠪᠠᠳᠠᠷᠠᠭᠤᠯᠵᠤ᠂ ᠰᠤᠷᠴᠤ ᠡᠵᠡᠮᠰᠢᠭᠰᠡᠨ ᠮᠡᠳᠡᠯᠭᠡ ᠴᠢᠳᠠᠪᠤᠷᠢ ᠪᠠᠨ ᠪᠣᠳᠠᠲᠠᠢ ᠠᠵᠢᠯ ᠤᠨ ᠳᠤᠮᠳᠠ ᠭᠡᠷᠡᠭᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ  ᠶᠠᠪᠤᠴᠠ ᠳᠤ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠶᠢᠨ ᠬᠠᠮᠲᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠲᠤᠳᠠᠭᠳᠠᠯ ᠢᠶᠠᠨ ᠰᠡᠷᠭᠡᠭ ᠢᠶᠠᠷ ᠲᠠᠨᠢᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠨᠠᠷᠢᠨ ᠬᠢᠨᠠᠮᠠᠭᠠᠢ ᠲᠤᠩᠭᠠᠨ ᠪᠣᠳᠣᠯᠬᠢᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠦᠨᠡᠨᠬᠦ ᠴᠡᠭᠴᠡᠯᠡᠨ ᠰᠠᠶᠢᠵᠢᠷᠠᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠪᠡ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ  ᠶᠢᠨ ᠲᠤᠪᠴᠢᠶᠠᠨ ᠤ ᠬᠠᠪᠰᠤᠷᠤᠨ ᠲᠡᠳᠬᠦᠬᠦ ᠰᠠᠯᠠᠭᠠᠨ ᠤ ᠳᠠᠷᠤᠭ᠎ᠠ ᠵᠤᠤ ᠯᠢ ᠫᠢᠩ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号