ᠰᠢᠩ ᠹᠦ᠋ ᠰᠢᠶᠠᠩ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠳᠤ ᠶᠢᠨ ᠰᠤᠷᠤᠯᠴᠠᠯᠭ᠎ᠠ ᠡᠷᠬᠢᠯᠡᠪᠡ
ᠨᠡᠶᠢᠲᠡᠯᠡᠭᠰᠡᠨ ᠴᠠᠭ᠄
2024/11/28
  11 ᠰᠠᠷ᠎ᠠ ᠶᠢᠨ 27 ᠤ ᠡᠳᠦᠷ᠂  ᠰᠢᠩ ᠹᠦ᠋ ᠰᠢᠶᠠᠩ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠤᠨ ᠤ 12 ᠳ᠋ᠤᠭᠠᠷ ᠤᠳᠠᠭᠠᠨ ᠤ ᠲᠥᠪᠯᠡᠷᠡᠭᠨ ᠰᠤᠷᠤᠯᠴᠠᠬᠤ ᠬᠤᠷᠠᠯ ᠬᠤᠷᠠᠯᠳᠤᠵᠤ᠂  ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠬᠦᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ︽ᠰᠢ ᠶᠢᠨ ᠫᠢᠩ ᠤᠨ ᠵᠣᠬᠢᠶᠠᠯ ᠤᠨ ᠲᠡᠬᠦᠪᠦᠷᠢ ︵ᠬᠤᠶᠠᠳᠤᠭᠠᠷ ᠪᠣᠲᠢ︶ — ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠶ᠎ᠠ︾᠂ ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ᠶᠢᠨ ᠵᠣᠬᠢᠶᠠᠯ ︽ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠤᠶ᠎ᠠ︾᠂ ︽ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠠᠷᠭ᠎ᠠ ︵ᠲᠤᠷᠰᠢᠨ ᠬᠡᠷᠡᠭᠵᠢᠭᠦᠯᠬᠦ︶︾ ᠂  ᠥᠪᠥᠷ ᠮᠣᠩᠭᠤᠯ ᠤᠨ ᠨᠡᠶᠢᠭᠡᠮ ᠤᠨ ᠠᠵᠢᠯ ᠤᠨ ᠸᠢᠴᠠᠲ   ᠲᠠᠪᠴᠠᠩ ᠤᠨ ᠵᠣᠬᠢᠶᠠᠯ ︽ᠲᠥᠪ ᠤᠨ ᠨᠡᠶᠢᠭᠡᠮ ᠤᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠰᠠᠶᠢᠳᠤᠷ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠤᠷᠤᠭᠤᠯᠤᠶ᠎ᠠ︾ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠵᠠᠢ᠃ ᠨᠠᠮ ᠤᠨ ᠬᠤᠷᠢᠶᠠᠨ ᠤ ᠱᠦᠵᠢ ᠰᠦᠩ ᠹᠧᠩ ᠠᠴᠠ᠂ ᠤᠳᠠᠭ᠎ᠠ ᠪᠦᠷᠢ ᠶᠢᠨ ᠬᠠᠮᠳᠤ ᠶᠢᠨ ᠰᠤᠷᠤᠯᠴᠠᠯᠭ᠎ᠠ ᠶᠢ ᠡᠷᠭᠡᠪᠰᠢ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠪᠠ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠤᠶᠢᠯᠠᠭᠠᠨ᠂ ᠲᠡᠭᠦᠨ ᠢ ᠡᠳᠦᠷ ᠳᠤᠳᠤᠮ ᠤᠨ ᠠᠵᠢᠯ ᠤᠨ ᠵᠢᠵᠢᠭ ᠰᠠᠵᠢᠭ ᠵᠦᠢᠯ ᠳᠤ ᠠᠭᠤᠰᠤᠯᠴᠠᠭᠤᠯᠬᠤ ᠬᠡᠷᠡᠭᠲᠡᠢ᠃ ᠡᠨᠡ ᠤᠳᠠᠭᠠᠨ ᠤ ᠰᠤᠷᠤᠯᠴᠠᠯᠭ᠎ᠠ ᠪᠠᠷ ᠠᠵᠠ ᠲᠣᠬᠢᠶᠠᠯ ᠪᠤᠯᠭᠠᠨ᠂ ᠢᠳᠡᠪᠬᠢᠲᠡᠶ ᠪᠠᠷ ᠰᠦᠪᠡᠭᠴᠢᠯᠡᠨ ᠰᠢᠨᠡᠴᠢᠯᠡᠵᠦ᠂ ᠲᠥᠪ ᠤᠨ ᠨᠡᠶᠢᠭᠡᠮ ᠤᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠢᠩ ᠹᠦ᠋ ᠰᠢᠶᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠨᠡᠶᠢᠭᠡᠮ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠶᠢᠨ ᠳᠤᠮᠳᠠ ᠰᠢᠨ᠎ᠡ ᠬᠠᠷᠢᠭᠤᠴᠠᠯᠭ᠎ᠠ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠬᠦᠯᠦᠨ᠂ ᠠᠷᠠᠳ ᠤᠯᠠᠨ ᠤ  ᠠᠵᠠ ᠵᠢᠷᠭᠠᠯ  ᠤᠨ ᠲᠥᠷᠥᠭᠳᠡᠯ ᠪᠠ ᠤᠯᠤᠯᠳᠠ ᠬᠦᠷᠲᠡᠮᠵᠢ ᠶᠢᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃  ︽ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠠᠷᠭ᠎ᠠ︾ ᠶᠢ ᠦᠨᠳᠦᠰᠦᠯᠡᠨ ᠨᠠᠮ ᠤᠨ ᠬᠤᠷᠢᠶᠠᠨ ᠤ ᠠᠵᠢᠯ ᠢ ᠰᠠᠶᠢᠨ ᠬᠢᠵᠦ᠂ ᠲᠡᠬᠦᠨ ᠤ ᠳᠣᠲᠣᠷᠠᠬᠢ ᠲᠤᠭᠳᠠᠭᠠᠯ ᠪᠠ ᠵᠢᠯᠣᠭᠤᠳᠣᠯᠭ᠎ᠠ ᠶᠢ ᠵᠢᠷᠤᠮᠯᠠᠨ ᠨᠠᠶᠢᠳᠠᠪᠤᠷᠢᠵᠢᠭᠤᠯᠵᠤ᠂ ᠰᠢ ᠹᠦ᠋ ᠰᠢᠶᠠᠩ ᠤᠨ ᠨᠠᠮ ᠤᠨ ᠬᠤᠷᠢᠶᠠᠨ ᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号