ᠲᠠᠶᠢᠹᠦᠰᠧ ᠬᠤᠰᠢᠭᠤᠨ ᠤ ᠬᠢᠨ ᠦᠨᠳᠦᠷ ᠬᠡᠪ ᠪᠤᠯᠪᠠᠰᠤᠷᠠᠯ ᠲᠠᠢ ᠡᠮᠡᠭᠲᠡᠢ ᠮᠠᠯᠴᠢᠨ ᠲᠠᠷᠢᠶᠠᠴᠢᠨ ᠤ ᠲᠤᠰᠬᠠᠢ ᠰᠡᠳᠦᠪᠳᠦ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/11/29
   ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶ ᠮᠠᠯᠴᠢᠨ ᠲᠠᠷᠢᠶᠠᠴᠢᠨ ᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠂ ᠡᠮᠡᠭᠲᠡᠶ ᠴᠢᠳᠠᠪᠤᠷᠢᠲᠠᠨ ᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠠᠬᠢᠭᠤᠯᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠲᠠᠢ ᠬᠠᠮᠲᠤᠷᠠᠨ᠂ 2024 ᠣᠨ ᠤ ᠥᠨᠳᠥᠷ ᠬᠡᠪ ᠪᠣᠯᠪᠠᠰᠤᠷᠠᠯ ᠲᠠᠢ ᠡᠮᠡᠭᠲᠡᠶ ᠮᠠᠯᠴᠢᠨ ᠲᠠᠷᠢᠶᠠᠴᠢᠨ ᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠵᠦ᠂ ᠲᠠᠪᠢᠭᠠᠳ ᠬᠦᠮᠦᠨ ᠪᠣᠯᠪᠠᠰᠤᠷᠠᠯ ᠳᠤ ᠣᠷᠣᠯᠴᠠᠪᠠ᠃  ᠭᠤᠷᠪᠠᠨ ᠡᠳᠦᠷ ᠤᠨ ᠪᠣᠯᠪᠠᠰᠤᠷᠠᠯ ᠨᠢ ᠣᠨᠣᠯ ᠤᠨ ᠬᠢᠴᠢᠶᠡᠯ ᠪᠠ ᠲᠤᠭᠤᠷᠢᠨ ᠰᠤᠷᠤᠯᠴᠠᠬᠤ ᠬᠡᠯᠪᠡᠷᠢ ᠪᠠᠷ ᠶᠠᠪᠤᠭᠳᠠᠭᠠᠳ᠂  ᠡᠮᠡᠭᠳᠡᠶᠢᠴᠤᠳ ᠤᠨ ᠬᠠᠷᠠᠭ᠎ᠠ  ᠶᠢ ᠲᠡᠯᠡᠵᠦ᠂ ᠦᠵᠡᠯᠲᠡ ᠶᠢ ᠰᠢᠨᠡᠳᠬᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠴᠢᠳᠠᠪᠤᠷᠢᠲᠠᠨ ᠤ ᠪᠠᠲᠤᠯᠠᠭ᠎ᠠ ᠶᠢ ᠬᠠᠩᠭᠠᠵᠠᠢ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠨᠢ ︽ᠬᠤᠯᠪᠤᠭᠠᠯᠠᠯ︾   ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠷᠭᠡᠨ ᠣᠯᠠᠨ ᠮᠠᠯᠵᠢᠬᠤ ᠲᠠᠷᠢᠶᠠᠯᠠᠬᠤ ᠣᠷᠣᠨ ᠤ ᠡᠮᠡᠭᠲᠡᠶᠢᠴᠦᠳ ᠤᠨ ᠦᠢᠯᠡᠰ ᠪᠦᠳᠦᠬᠡᠵᠦ ᠰᠢᠨ᠎ᠡ ᠶᠢ ᠡᠭᠦᠳᠬᠦ ᠬᠠᠯᠠᠭᠤᠨ ᠰᠡᠳᠬᠢᠯᠭᠡ ᠶᠢ ᠤᠯᠠᠮ ᠬᠦᠭᠵᠢᠬᠡᠨ᠂ ᠮᠡᠳᠡᠯᠭᠡ ᠴᠢᠳᠠᠪᠤᠷᠢ ᠲᠠᠢ ᠬᠡᠪ ᠪᠣᠯᠪᠠᠰᠤᠷᠠᠯ ᠲᠠᠢ ᠡᠮᠡᠭᠲᠡᠢ ᠮᠠᠯᠴᠢᠨ ᠲᠠᠷᠢᠶᠠᠴᠢᠨ ᠤ ᠡᠩᠨᠡᠭᠡ ᠶᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢᠶᠠᠨ ᠡᠷᠬᠦᠬᠦ ᠪᠠᠷ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号