ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ | ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠦᠯᠢᠭᠡᠷ ᠲᠠᠭᠤᠷᠢᠶᠠᠯ ᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ | ᠭᠦᠢᠴᠡᠳ ᠪᠠᠳᠠᠷᠠᠭᠤᠯᠤᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠶᠢᠨ | ᠠᠵᠢᠯᠯᠠᠭ᠎ᠠ ᠶᠢ ᠪᠠᠶᠠᠯᠢᠭᠵᠢᠭᠤᠯᠬᠤ ᠶᠢᠨ ᠲᠥᠯᠥᠭᠡ᠂ 11 ᠰᠠᠷ᠎ᠠ ᠶᠢᠨ 25 ᠤ ᠡᠳᠦᠷ ᠲᠠᠶᠢᠹᠤᠰᠧ ᠬᠤᠰᠢᠭᠤᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠢᠨ ᠪᠤᠤᠴᠠᠩ ᠪᠠᠯᠭᠠᠰᠤᠨ ᠳᠤ ᠬᠦᠨᠵᠡᠬᠡᠶᠢᠷᠡᠵᠦ᠂ ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠣᠷᠢᠭ | ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ︽ᠮᠢᠨᠦ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠤᠨ ᠥᠯᠢᠭᠡᠷ︾ | ᠬᠡᠮᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠲᠡᠭᠡᠷ᠎ᠡ᠂ ᠬᠠᠮᠢᠶ᠎ᠠ ᠪᠦᠬᠦᠢ ᠠᠵᠢᠯᠳᠠᠨ ᠠᠴᠠ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠠᠶᠢᠴᠤᠤᠯ ᠨᠢᠮ᠎ᠠ ᠶᠢᠨ ᠦᠯᠢᠭᠡᠷ ᠢ ᠶᠠᠷᠢᠭᠰᠠᠨ | ᠪᠦᠭᠡᠳ ᠠᠶᠢᠯ ᠡᠷᠦᠬᠡ ᠳᠤ ᠭᠦᠨᠵᠡᠭᠡᠶᠢᠷᠡᠨ ᠨᠠᠮ ᠤᠨ ᠦᠨᠳᠦᠰᠦᠲᠡᠨ ᠤ ᠣᠨᠣᠯ ᠪᠠ ᠲᠥᠷᠥ ᠶᠢᠨ ᠪᠣᠳᠣᠯᠭ᠎ᠠ᠂ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠪᠠ | ᠤᠬᠠᠭᠤᠯᠭ᠎ᠠ ᠶᠢᠨ ᠪᠤᠳᠠᠰ ᠢ ᠲᠠᠷᠬᠠᠭᠠᠵᠠᠢ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ | ᠤᠬᠠᠭᠤᠯᠭ᠎ᠠ ᠶᠢᠨ ᠬᠡᠪᠴᠢᠶ᠎ᠡ ᠪᠠᠨ ᠤᠯᠠᠮ ᠥᠷᠭᠡᠳᠬᠡᠵᠦ᠂ ᠪᠦᠬᠦ ᠬᠤᠰᠢᠭᠤᠨ ᠳᠤ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠬᠠᠯᠠᠭᠤᠨ ᠥᠷᠨᠢᠯᠲᠡ ᠶᠢ ᠭᠠᠷᠭᠠᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠦᠵᠡᠯ ᠰᠠᠨᠠᠭ᠎ᠠ ᠤᠯᠤᠰ | ᠲᠥᠷᠥ ᠶᠢᠨ ᠰᠠᠭᠤᠷᠢ ᠶᠢ ᠤᠯᠠᠮ ᠪᠠᠬᠢᠵᠢᠬᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ | ᠰᠠᠨᠠᠭᠠᠨ ᠤ ᠬᠡᠷ ᠣᠷᠣᠨ ᠢ ᠪᠠᠶᠢᠭᠤᠯᠤᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠵᠤ᠂ ᠬᠦᠮᠦᠨ ᠠᠷᠠᠳ ᠤᠨ ᠰᠡᠳᠬᠢᠯ ᠢ ᠨᠢᠬᠳᠠᠷᠠᠭᠤᠯᠬᠤ ᠪᠠᠷ ᠪᠠᠶᠢᠨ᠎ᠠ᠃ |