ᠲᠠᠶᠢᠹᠤᠰᠧ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ ᠨᠢ ᠡᠪᠦᠯ ᠤᠨ ᠤᠯᠠᠷᠢᠯ ᠤᠨ ᠴᠠᠰᠤ ᠠᠷᠢᠯᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠦᠰᠦᠪ ᠢᠶᠠᠨ ᠡᠬᠢᠯᠡᠭᠦᠯᠵᠦ᠂ ᠣᠷᠴᠢᠨ ᠲᠣᠭᠤᠷᠢᠨ ᠤ ᠴᠡᠪᠡᠷᠯᠡᠭᠡ ᠶᠢᠨ ᠠᠵᠤ ᠠᠬᠤᠶᠢᠯᠠᠯ ᠪᠠ ᠠᠵᠢᠯᠴᠢᠳ ᠢ | ᠵᠣᠬᠢᠶᠠᠨ ᠪᠠᠶᠢᠭᠤᠯᠵᠤ᠂ ᠬᠤᠲᠠ ᠶᠢᠨ ᠲᠣᠭᠤᠷᠢᠭ ᠤᠨ ᠴᠠᠰᠤ ᠴᠡᠪᠡᠷᠯᠡᠬᠦ ᠠᠵᠢᠯ ᠢ ᠪᠥᠬᠦ ᠬᠦᠴᠦᠨ ᠢᠶᠠᠷ | ᠦᠷᠨᠢᠬᠦᠯᠦᠭᠡᠳ᠂ ᠬᠤᠳᠠ ᠶᠢᠨ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠳᠤᠯᠠᠵᠤ᠂ ᠰᠠᠭᠤᠭᠠᠯᠢ ᠠᠷᠠᠳ ᠤᠨ | ᠶᠠᠪᠤᠵᠤ ᠰᠠᠭᠤᠬᠤ ᠳᠤ ᠳᠥᠭᠦᠮ ᠦᠵᠡᠬᠦᠯᠵᠦ ᠪᠤᠢ᠃ ᠡᠪᠦᠯ ᠣᠷᠣᠭᠰᠠᠨ ᠠᠴᠠ ᠨᠠᠰᠢ᠂ ᠲᠠᠶᠢᠹᠤᠰᠧ ᠬᠤᠰᠢᠭᠤ ᠨᠢ | ᠣᠷᠴᠢᠨ ᠲᠣᠭᠤᠷᠢᠨ ᠤ ᠴᠡᠪᠡᠷᠯᠡᠭᠡ ᠶᠢᠨ ᠠᠵᠤ ᠠᠬᠤᠶᠢᠯᠠᠯ ᠢ ᠪᠡᠯᠡᠳᠭᠡᠯ ᠠᠵᠢᠯ ᠢᠶᠠᠨ ᠡᠷᠳᠡ ᠠᠴᠠ ᠰᠠᠶᠢᠨ ᠬᠢᠵᠦ᠂ | ᠪᠣᠢ ᠪᠦᠬᠦᠢ ᠴᠠᠰᠤ ᠠᠷᠢᠯᠭᠠᠬᠤ ᠲᠥᠬᠦᠭᠡᠷᠦᠮᠵᠢ ᠶᠢ ᠪᠦᠬᠦ ᠲᠠᠯ᠎ᠠ ᠪᠠᠷ ᠪᠠᠶᠢᠴᠠᠭᠠᠨ ᠰᠡᠯᠪᠢᠵᠦ᠂ ᠴᠠᠰᠤ ᠤᠷᠤᠪᠠᠯ | ᠲᠠᠷᠤᠶᠢᠬᠠᠨ ᠠᠰᠢᠭᠯᠠᠯᠳᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠣᠲᠣ ᠪᠣᠯᠲᠠᠯ᠎ᠠ᠂ | 780 ᠴᠡᠪᠡᠷᠯᠡᠭᠡ ᠶᠢᠨ ᠠᠵᠢᠯᠴᠢᠨ ︵ᠬᠥᠮᠦᠨ ᠤᠳᠠᠭ᠎ᠠ︶ ᠴᠠᠰᠤ ᠠᠷᠢᠯᠭᠠᠬᠤ ᠠᠵᠢᠯ ᠳᠤ ᠤᠷᠤᠯᠴᠠᠵᠤ᠂ ᠴᠠᠰᠤ | ᠠᠷᠢᠯᠭᠠᠬᠤ ᠪᠠᠭᠠᠵᠢ ᠲᠥᠬᠦᠭᠡᠷᠦᠮᠵᠢ ᠶᠢ 72 ᠤᠳᠠᠭ᠎ᠠ ᠬᠦᠳᠡᠯᠬᠡᠨ᠂ ᠨᠡᠶᠢᠳᠡ ᠪᠠᠷᠤᠭ 585 ᠲᠣᠨ ᠬᠤᠷᠠᠭᠰᠠᠨ | ᠴᠠᠰᠤ ᠶᠢ ᠴᠡᠪᠡᠷᠯᠡᠵᠦ᠂ ᠴᠡᠪᠡᠷᠯᠡᠭᠰᠡᠨ ᠲᠠᠯᠠᠪᠠᠶ ᠨᠢ 450 ᠲᠦᠮᠡᠨ ᠬᠠᠪᠳᠠᠭᠠᠢ ᠳᠥᠷᠪᠡᠯᠵᠢᠨ ᠮᠧᠲᠷ ᠲᠤ | ᠬᠦᠷᠦᠭᠡᠳ᠂ ᠭᠤᠤᠯ ᠵᠠᠮ ᠪᠠ ᠶᠠᠪᠠᠭᠠᠨ ᠤ ᠵᠠᠮ ᠢ ᠴᠠᠭ ᠲᠤᠬᠠᠢ ᠳᠤᠨᠢ ᠨᠡᠪᠳᠡᠷᠡᠬᠦᠯᠦᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠲᠤᠰ ᠬᠤᠰᠢᠭᠤᠨ ᠤ ᠬᠢᠨ ᠴᠠᠭ ᠠᠭᠤᠷ ᠤᠨ ᠬᠤᠪᠢᠷᠠᠯᠲᠠ ᠶᠢᠨ ᠪᠠᠶᠢᠳᠠᠯ ᠢ | ᠪᠠᠶᠢᠩᠭᠤ ᠠᠩᠬᠠᠷᠤᠨ᠂ ᠴᠠᠰᠤ ᠠᠷᠢᠯᠭᠠᠬᠤ ᠠᠷᠭ᠎ᠠ ᠲᠦᠰᠦᠪ ᠲᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ | ᠴᠠᠰᠤ ᠠᠷᠢᠯᠭᠠᠬᠤ ᠪᠠᠭᠠᠵᠢ ᠲᠥᠬᠦᠭᠡᠷᠦᠮᠵᠢ ᠶᠢ ᠠᠷᠠᠴᠢᠯᠠᠨ ᠬᠠᠮᠠᠭᠠᠯᠠᠬᠤ ᠪᠠᠨ ᠤᠯᠠᠮ ᠴᠢᠩᠭᠠᠳᠬᠠᠵᠤ᠂ ᠪᠠᠭᠠᠵᠢ | ᠲᠥᠬᠦᠭᠡᠷᠦᠮᠵᠢ ᠶᠢᠨ ᠠᠰᠢᠭᠯᠠᠯᠳᠠ ᠶᠢ ᠪᠠᠲᠤᠯᠠᠬᠤ ᠶᠢᠨ ᠬᠠᠮᠳᠤ᠂ ᠨᠢᠭᠡᠳᠦᠭᠡᠷ ᠹᠷᠣᠨᠲ ᠤᠨ ᠠᠵᠢᠯᠲᠠᠨ ᠤ ᠠᠮᠤᠷ | ᠲᠦᠪᠰᠢᠨ ᠤ ᠪᠣᠯᠪᠠᠰᠤᠷᠠᠯ ᠬᠥᠮᠦᠵᠢᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠴᠢᠳᠠᠪᠤᠷᠢ ᠶᠢ ᠲᠡᠭᠡᠭᠰᠢᠯᠡᠬᠦᠯᠵᠦ᠂ ᠪᠦᠬᠦ ᠬᠤᠰᠢᠭᠤᠨ ᠤ ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ | ᠲᠦᠪᠰᠢᠨ ᠳᠤ ᠬᠦᠴᠦᠨ ᠴᠢᠳᠠᠯ ᠢᠶᠠᠨ ᠡᠷᠬᠦᠬᠦ ᠪᠠᠷ ᠪᠠᠶᠢᠨ᠎ᠠ᠃ |