ᠰᠢ ᠶᠢᠨ ᠫᠢᠩ ᠦᠷᠦ᠋ᠭᠤᠸᠠᠢ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠤᠤᠷᠰᠢ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/11/29
 ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 28 ᠤ ᠴᠠᠭᠢᠯᠭᠠᠨ ᠮᠡᠳᠡᠭᠡ 11 ᠰᠠᠷ᠎ᠠ ᠶᠢᠨ 27 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠤᠷᠰᠢ ᠳᠤ ᠴᠠᠭᠢᠯᠭᠠᠨ ᠴᠢᠮᠡᠭᠡ ᠶᠠᠪᠤᠭᠤᠯᠵᠤ᠂ ᠪᠦᠭᠦᠳᠡ ᠨᠠᠶᠢᠷᠠᠮᠳᠠᠬᠤ ᠵᠡᠭᠦᠨ ᠡᠷᠭᠢ ᠳᠠᠬᠢ ᠦᠷᠦ᠋ᠭᠤᠸᠠᠢ ᠤᠯᠤᠰ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃    ᠰᠢ ᠶᠢᠨ ᠫᠢᠩ᠂ ᠳᠤᠮᠳᠠᠳᠤ ᠦᠷᠦ᠋ᠭᠤᠸᠠᠢ ᠪᠣᠯ ᠬᠠᠷᠢᠯᠴᠠᠨ ᠢᠲᠡᠭᠡᠯᠴᠡᠭᠰᠡᠨ ᠰᠠᠶᠢᠨ ᠨᠠᠶᠢᠵᠠ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠵᠦ ᠪᠠᠶᠢᠭ᠎ᠠ ᠰᠠᠶᠢᠨ ᠬᠠᠨᠢᠲᠠᠨ ᠮᠥᠨ᠃ ᠬᠠᠷᠢᠯᠴᠠᠭ᠎ᠠ ᠪᠠᠶᠢᠭᠤᠯᠤᠭᠰᠠᠨ 36 ᠵᠢᠯ ᠤᠨ ᠲᠤᠷᠰᠢ᠂ ᠬᠤᠶᠠᠷ ᠤᠯᠤᠰ ᠢᠶᠠᠷ ᠢᠶᠠᠨ ᠢᠮᠠᠭᠲᠠ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠡᠷᠡᠰ ᠬᠠᠷᠢᠯᠴᠠᠨ ᠲᠡᠮᠵᠢᠵᠥ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠬᠥᠮᠥᠰ ᠤᠨ ᠰᠡᠳᠬᠢᠯ ᠳᠤ ᠭᠦᠨ ᠬᠠᠳᠠᠩᠰᠢᠵᠠᠢ᠃ ᠪᠢ ᠳᠤᠮᠳᠠᠳᠤ ᠦᠷᠦ᠋ᠭᠤᠸᠠᠢ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠤᠤᠷᠰᠢ ᠲᠠᠢ ᠬᠠᠮᠲᠤ ᠪᠠᠷ ᠴᠢᠷᠮᠠᠶᠢᠵᠤ᠂ ᠳᠤᠮᠳᠠᠳᠤ ᠦᠷᠦ᠋ᠭᠤᠸᠠᠢ ᠶᠢᠨ ᠨᠥᠬᠦᠷᠯᠡᠯ ᠢ ᠦᠷᠭᠦᠯᠵᠢᠯᠡᠭᠦᠯᠵᠦ᠂ ᠳᠤᠮᠳᠠᠳᠤ ᠦᠷᠦ᠋ᠭᠤᠸᠠᠢ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠠᠩ ᠣᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠠᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃    ᠲᠤᠰ ᠡᠳᠦᠷ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠦᠷᠦ᠋ᠭᠤᠸᠠᠢ ᠶᠢᠨ ᠳᠡᠳ᠋ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠭᠠᠦ᠋ᠰ ᠲᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ᠃
 
ᠢᠷᠡᠯᠲᠡ᠄ ᠦᠪᠥᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号