︽ᠪᠤᠯᠬᠢ ᠵᠠᠩᠰᠢᠯ ᠢᠶᠠᠨ ᠲᠠᠶᠠᠭᠳᠠᠵᠤ ᠪᠤᠯᠪᠠᠰᠤᠨ ᠣᠷᠣᠰᠢᠭᠤᠯᠭ᠎ᠠ ᠶᠢ ᠡᠷᠬᠢᠮᠯᠡᠬᠦ︾  ᠤᠷᠢᠶᠠᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/11/29
   ᠭᠡᠪᠰᠢᠮᠡᠯ ᠵᠠᠩ ᠳᠠᠳᠬᠠᠯ ᠤᠨ ᠦᠬᠡᠷᠡᠴᠢᠯᠡᠯᠳᠡ ᠶᠢ ᠭᠦᠨᠵᠡᠭᠡᠶᠢᠷᠡᠭᠦᠯᠦᠨ᠂  ᠪᠤᠯᠬᠢ ᠪᠦᠳᠦᠬᠦᠯᠢᠭ ᠣᠷᠣᠰᠢᠭᠤᠯᠭ᠎ᠠ ᠶᠢᠨ ᠶᠤᠰᠤᠨ ᠢ ᠦᠬᠡᠷᠡᠴᠢᠯᠡᠵᠦ᠂ ᠪᠣᠯᠪᠠᠰᠤᠨ ᠰᠠᠶᠢᠬᠠᠨ᠂ ᠠᠷᠪᠢᠴᠢ ᠭᠠᠮᠲᠠᠶ᠂ ᠪᠣᠬᠢᠷᠲᠤᠯ ᠥᠬᠡᠶ ᠣᠷᠣᠰᠢᠭᠤᠯᠭ᠎ᠠ ᠶᠢᠨ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠤᠨ᠂ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠲᠠᠶᠢᠹᠤᠰᠧ ᠬᠤᠰᠢᠭᠤ ᠶᠢ ᠪᠠᠶᠢᠭᠤᠯᠬᠤ ᠶᠢᠨ ᠲᠤᠰᠠᠳᠠ᠂  ᠪᠦᠬᠦ ᠬᠤᠰᠢᠭᠤᠨ ᠤ ᠠᠷᠠᠳ ᠢᠷᠭᠡᠳ ᠢ ᠳᠣᠣᠷᠠᠬᠢ ᠮᠡᠲᠦ  ᠤᠷᠢᠶᠠᠯᠠᠨ ᠰᠠᠨᠠᠭᠠᠴᠢᠯᠠᠵᠤ ᠪᠠᠶᠢᠨᠠᠮ᠄    ᠨᠢᠬᠡ ᠳᠤ᠂  ︽ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠠᠴᠢᠯᠠᠬᠤ︾ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠵᠤ᠂  ᠠᠮᠢᠳᠤ ᠰᠡᠷᠡᠬᠦᠨ ᠪᠠᠶᠢᠬᠤ ᠳᠤᠨᠢ ᠠᠴᠢᠯᠠᠯ ᠵᠢᠷᠤᠮ ᠢ   ᠰᠠᠶᠢᠳᠤᠷ ᠬᠦᠢᠴᠡᠳᠭᠡᠨ᠂ ᠨᠦᠭᠴᠢᠭᠰᠡᠨ ᠤ ᠬᠢᠨᠢ ᠳᠠᠷᠠᠭ᠎ᠠ ᠪᠤᠶᠠᠨ ᠤ ᠶᠠᠪᠤᠳᠠᠯ ᠢ ᠳᠥᠭᠦᠮᠴᠢᠯᠡᠵᠦ᠂ ᠪᠣᠯᠪᠠᠰᠤᠨ ᠰᠢᠨ᠎ᠡ ᠣᠷᠣᠰᠢᠭᠤᠯᠭ᠎ᠠ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠪᠠᠳᠠᠷᠠᠭᠤᠯᠬᠤ ᠬᠡᠷᠡᠭᠲᠡᠢ᠃    ᠬᠤᠶᠠᠷ ᠲᠤ᠂ ᠭᠡᠪᠰᠢᠮᠡᠯ ᠦᠵᠡᠯᠲᠡ ᠪᠠᠨ ᠢᠳᠡᠪᠬᠢᠲᠡᠢ ᠬᠤᠪᠢᠷᠠᠭᠤᠯᠵᠤ᠂  ᠪᠤᠯᠬᠢ ᠪᠦᠳᠦᠭᠦᠯᠢᠭ ᠣᠷᠣᠰᠢᠭᠤᠯᠭ᠎ᠠ ᠶᠢᠨ ᠶᠤᠰᠤ ᠵᠠᠩᠰᠢᠯ ᠢ ᠲᠡᠪᠴᠢᠨ᠂ ᠰᠣᠷᠭᠤᠭ ᠴᠡᠴᠡᠭ ᠤᠨ ᠲᠠᠬᠢᠯᠭ᠎ᠠ᠂ ᠭᠡᠷ ᠪᠦᠯᠢ ᠶᠢᠨ ᠲᠤᠷᠠᠰᠤᠮᠵᠢ᠂ ᠰᠦᠯᠵᠢᠶᠡᠨ ᠲᠡᠭᠡᠷᠡᠬᠢ ᠲᠠᠬᠢᠯᠭ᠎ᠠ ᠵᠡᠷᠭᠡ ᠪᠣᠯᠪᠠᠰᠤᠨ ᠠᠷᠭ᠎ᠠ ᠬᠡᠯᠪᠡᠷᠢ ᠪᠠᠷ ᠨᠠᠰᠤ ᠨᠦᠭᠴᠢᠭᠰᠡᠳ ᠢᠶᠠᠨ ᠳᠤᠷᠠᠰᠤᠨ ᠰᠠᠨᠠᠭᠠᠯᠵᠠᠵᠤ᠂ ᠣᠷᠴᠢᠨ ᠲᠣᠭᠤᠷᠢᠨ ᠢ ᠪᠣᠬᠢᠷᠲᠤᠭᠤᠯᠬᠤ ᠪᠠ ᠦᠷᠦᠭᠡᠯ ᠪᠤᠰᠤᠳ ᠢ ᠬᠠᠷᠰᠢᠯᠠᠬᠤ ᠶᠠᠪᠤᠳᠠᠯ ᠢ ᠪᠠᠭᠠᠰᠬᠠᠬᠤ ᠬᠡᠷᠡᠭᠲᠡᠢ᠃    ᠭᠤᠷᠪᠠ ᠳᠤ᠂ ᠨᠤᠮᠢᠨ ᠨᠣᠭᠤᠭᠠᠨ ᠠᠭᠤᠯᠠ ᠤᠰᠤ ᠪᠠᠨ ᠰᠠᠬᠢᠨ ᠬᠠᠮᠠᠭᠠᠯᠠᠵᠤ᠂ ᠭᠠᠵᠠᠷ ᠡᠵᠡᠯᠡᠵᠦ ᠪᠤᠯᠠᠰᠢ ᠭᠠᠷᠭᠠᠬᠤ ᠦᠭᠡᠢ᠂ ᠲᠣᠭᠲᠠᠭᠠᠯ ᠠᠴᠠ ᠵᠦᠷᠢᠴᠡᠵᠦ ᠣᠩᠭᠤᠨ ᠪᠤᠰᠬᠠᠬᠤ ᠦᠭᠡᠢ ᠪᠠᠶᠢᠵᠤ᠂ ᠨᠡᠶᠢᠲᠡ ᠶᠢᠨ ᠶᠤᠰᠤ ᠳᠢᠭᠯᠢᠮ ᠪᠣᠯᠤᠨ ᠭᠠᠯ ᠰᠡᠷᠭᠡᠶᠢᠯᠡᠬᠦ ᠲᠦᠷᠢᠮ ᠲᠣᠭᠲᠠᠭᠠᠯ ᠢ ᠵᠢᠷᠤᠮᠯᠠᠨ᠂ ᠬᠡᠭᠡᠷ᠎ᠡ ᠭᠠᠳᠠᠨ᠎ᠠ ᠬᠥᠵᠢ ᠠᠰᠠᠭᠠᠬᠤ ᠫᠤᠤᠵᠢᠩ  ᠲᠠᠯᠪᠢᠬᠤ ᠶᠢ ᠴᠡᠭᠡᠷᠯᠡᠵᠦ᠂ ᠰᠢᠨ᠎ᠡ ᠴᠠᠭ ᠦᠶ᠎ᠡ ᠶᠢᠨ ᠠᠷᠪᠢᠴᠢ ᠪᠣᠯᠪᠠᠰᠤᠨ ᠣᠷᠣᠰᠢᠭᠤᠯᠭ᠎ᠠ ᠶᠢᠨ ᠰᠢᠨ᠎ᠡ ᠰᠤᠷᠲᠠᠯ ᠢ  ᠲᠡᠯᠬᠡᠷᠡᠬᠦᠯᠦᠨ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢᠶᠠᠨ ᠬᠠᠮᠠᠭᠠᠯᠠᠬᠤ ᠭᠡᠷᠡᠭᠳᠡᠢ᠃   ᠲᠦᠷᠪᠡ ᠳᠤ᠂ ᠨᠠᠮ ᠤᠨ ᠭᠡᠰᠢᠭᠦᠨ ᠺᠠᠳ᠋ᠷᠴᠤᠳ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠤ᠂ ᠪᠣᠬᠢᠷᠲᠤᠯ ᠥᠬᠡᠶ ᠣᠷᠣᠰᠢᠭᠤᠯᠭ᠎ᠠ ᠶᠢ ᠲᠦᠷᠦᠬᠦᠯᠡᠨ ᠭᠡᠷᠡᠭᠵᠢᠬᠦᠯᠵᠦ᠂  ᠪᠣᠯᠪᠠᠰᠤᠨ ᠳᠠᠬᠢᠯᠭ᠎ᠠ ᠶᠢ ᠲᠦᠷᠦᠭᠦᠯᠡᠨ ᠲᠡᠯᠬᠡᠷᠡᠬᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠷᠦᠭᠦᠯᠡᠨ ᠤᠬᠠᠭᠤᠯᠵᠤ᠂ ᠠᠷᠪᠢᠴᠢ ᠪᠣᠯᠪᠠᠰᠤᠨ᠂ ᠠᠮᠢ ᠠᠬᠤᠶ ᠣᠷᠴᠢᠨ ᠲᠣᠭᠤᠷᠢᠨ ᠳᠤ ᠲᠤᠰᠠᠳᠠᠢ ᠰᠢᠨ᠎ᠡ ᠬᠡᠪ ᠰᠤᠷᠲᠠᠯ ᠢ ᠪᠣᠶ ᠪᠤᠯᠭᠠᠬᠤ ᠭᠡᠷᠡᠭᠳᠡᠢ᠃  ᠤᠯᠠᠨ ᠲᠦᠮᠡᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠤᠬᠠᠮᠰᠠᠷ ᠠᠴᠠ ᠪᠠᠨ ᠪᠣᠬᠢᠷᠲᠤᠯ ᠦᠭᠡᠢ ᠣᠷᠣᠰᠢᠭᠤᠯᠭ᠎ᠠ ᠶᠢᠨ ᠤᠷᠢᠶᠠᠯᠠᠭᠴᠢ ᠪᠠ ᠦᠢᠯᠡᠳᠦᠯᠭᠡᠵᠢᠭᠦᠯᠦᠭᠴᠢ ᠪᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠰᠠᠶᠢᠬᠠᠨ᠂ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠭᠡᠷ ᠣᠷᠣᠨ ᠢ  ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠪᠤᠯᠳᠤᠭᠠᠢ  ᠃                                     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠬᠤᠷᠢᠶᠠᠨ ᠤ ᠤᠬᠠᠭᠤᠯᠬᠤ ᠬᠡᠯᠳᠡᠰ ᠲᠠᠶᠢᠹᠤᠰᠧ ᠬᠤᠰᠢᠭᠤᠨ ᠤ ᠣᠶᠤᠨ ᠤ ᠪᠣᠯᠪᠠᠰᠤᠨ ᠤ ᠪᠦᠲᠦᠭᠡᠨ ᠪᠠᠢᠭᠤᠯᠤᠯᠲᠠ ᠶᠢᠨ ᠠᠯᠪᠠᠨ ᠭᠡᠷ ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ                                     2024 ᠣᠨ ᠤ 11 ᠰᠠᠷ᠎ᠠ ᠶᠢᠨ 27 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号