ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ | ᠰᠤᠷᠭᠠᠭᠤᠯᠢ ᠶᠢᠨ ᠬᠦᠷᠢᠶᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠤᠯᠠᠮ ᠴᠢᠩᠭᠠᠳᠬᠠᠨ᠂ ᠡᠶ᠎ᠡ | ᠵᠣᠬᠢᠴᠠᠯ ᠲᠠᠢ ᠠᠮᠤᠷ ᠲᠣᠭᠲᠠᠭᠤᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠤᠢ ᠪᠤᠯᠭᠠᠬᠤ ᠶᠢᠨ | ᠲᠤᠰᠠᠳᠠ᠂ 11 ᠰᠠᠷ᠎ᠠ ᠶᠢᠨ 1 ᠤ ᠡᠳᠦᠷ ᠱᠠᠨ ᠰᠢ ᠮᠤᠵᠢ ᠶᠢᠨ ᠪᠸᠢ ᠶᠤᠸᠠᠢ ︵ᠲᠠᠶᠢᠹᠦᠰᠧ︶ ᠬᠠᠤᠯᠢᠴᠢ ᠶᠢᠨ | ᠬᠡᠷᠡᠭ ᠡᠷᠬᠢᠯᠡᠬᠦ ᠭᠠᠵᠠᠷ ᠤᠨ ᠯᠢᠶᠠᠩ ᠳ᠋ᠧᠩ ᠴᠧᠩ ᠬᠠᠤᠯᠢᠴᠢ ᠲᠠᠶᠢᠹᠦᠰᠧ ᠬᠤᠰᠢᠭᠤᠨ ᠤ ᠴᠧᠩ ᠪᠸᠢ ᠬᠡᠤᠬᠡᠳ ᠤᠨ | ᠴᠡᠴᠡᠷᠯᠢᠭ ᠲᠤ ᠬᠦᠷᠴᠦ᠂ ᠪᠠᠭᠰᠢ ᠠᠵᠢᠯᠲᠠᠨ ᠳᠤ ᠲᠤᠰᠬᠠᠶ ᠰᠡᠳᠦᠪᠲᠦ ᠬᠠᠤᠯᠢ ᠶᠢᠨ ᠲᠠᠶᠢᠯᠤᠮᠵᠢ ᠬᠢᠵᠡᠢ᠃ | ᠰᠤᠷᠭᠠᠭᠤᠯᠢ ᠶᠢᠨ ᠤᠳᠤᠷᠢᠳᠤᠯᠭ᠎ᠠ ᠪᠠ ᠪᠦᠬᠦ ᠪᠠᠭᠰᠢ ᠠᠵᠢᠯᠲᠠᠨ ᠬᠢᠴᠢᠶᠡᠯ ᠲᠠᠶᠢᠯᠤᠮᠵᠢ ᠶᠢ ᠰᠤᠨᠤᠰᠤᠭᠰᠠᠨ ᠪᠠᠶᠢᠨ᠎ᠠ᠃ | ᠯᠢᠶᠠᠩ ᠳ᠋ᠧᠩ ᠴᠧᠩ ᠬᠠᠤᠯᠢᠴᠢ ᠠᠴᠠ ᠬᠡᠤᠬᠡᠳ ᠤᠨ ᠴᠡᠴᠡᠷᠯᠢᠭ ᠤᠨ ᠠᠮᠤᠷ ᠢ ᠬᠠᠮᠠᠭᠠᠯᠠᠬᠤ ᠬᠦᠴᠦᠨ᠂ ᠬᠤᠭᠤᠯᠠᠨ | ᠬᠡᠷ ᠤᠨ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ᠂ ᠬᠠᠲᠠᠭᠤ ᠲᠣᠨᠤᠭ ᠤᠨ ᠬᠠᠮᠠᠭᠠᠯᠠᠯᠲᠠ᠂ ᠬᠡᠷ ᠪᠦᠯᠢ | ᠪᠠ ᠰᠤᠷᠭᠠᠭᠤᠯᠢ ᠶᠢᠨ ᠬᠠᠮᠵᠢᠯᠴᠠᠭ᠎ᠠ᠂ ᠰᠡᠳᠬᠢᠴᠡ ᠶᠢᠨ ᠡᠷᠡᠭᠦᠯ ᠮᠡᠨᠳᠦ ᠵᠡᠷᠭᠡ ᠲᠠᠯ᠎ᠠ ᠠᠴᠠ ᠬᠠᠤᠯᠢ ᠲᠦᠷᠢᠮ ᠢᠶᠠᠷ | ᠤᠷᠢᠲᠠᠯ ᠪᠣᠯᠭᠠᠭᠰᠠᠨ ᠤᠷᠢᠳᠴᠢᠯᠠᠨ ᠰᠡᠷᠭᠡᠶᠢᠯᠡᠵᠦ ᠠᠷᠭᠠᠴᠠᠬᠤ ᠠᠷᠭ᠎ᠠ ᠬᠡᠮᠵᠢᠶᠡᠨ ᠤ ᠰᠠᠨᠠᠭᠤᠯᠤᠮᠵᠢ ᠥᠭᠴᠦ᠂ | ᠬᠠᠤᠯᠢ ᠶᠢᠨ ᠮᠡᠳᠡᠯᠭᠡ ᠶᠢ ᠡᠳᠦᠷ ᠲᠤᠲᠤᠮ ᠤᠨ ᠵᠢᠭᠠᠨ ᠰᠤᠷᠭᠠᠯᠲᠠ ᠳᠤ ᠠᠭᠤᠰᠤᠯᠴᠠᠭᠤᠯᠪᠠ᠃ ᠬᠢᠴᠢᠶᠡᠯ | ᠲᠠᠶᠢᠯᠤᠮᠵᠢ ᠪᠠᠷ ᠲᠠᠮᠵᠢᠭᠠᠳ᠂ ᠪᠠᠭᠰᠢ ᠠᠵᠢᠯᠳᠠᠳ ᠤᠨ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ | ᠴᠢᠩᠭᠠᠳᠬᠠᠵᠤ᠂ ᠬᠥᠮᠦᠨ ᠪᠦᠬᠦᠨ ︽ᠬᠠᠤᠯᠢ ᠶᠢ ᠮᠡᠳᠡᠬᠦ᠂ ᠬᠠᠤᠯᠢ ᠶᠢ ᠰᠤᠷᠬᠤ᠂ ᠬᠠᠤᠯᠢ ᠶᠢ ᠰᠠᠬᠢᠬᠤ᠂ ᠬᠠᠤᠯᠢ ᠶᠢ | ᠬᠡᠷᠡᠭᠯᠡᠬᠦ︾ ᠰᠠᠶᠢᠨ ᠰᠠᠶᠢᠬᠠᠨ ᠰᠤᠷᠭᠠᠭᠤᠯᠢ ᠶᠢᠨ ᠬᠦᠷᠢᠶᠡᠨ ᠤ ᠠᠭᠤᠷ ᠠᠮᠢᠰᠬᠤᠯ ᠢ ᠪᠣᠶ ᠪᠤᠯᠭᠠᠭᠰᠠᠨ ᠪᠠᠶᠢᠨ᠎ᠠ᠃ |