ᠲᠠᠶᠢᠹᠤᠰᠧ ᠬᠤᠰᠢᠭᠤ ᠨᠢ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠤᠲᠠᠰᠤ ᠶᠢ ᠪᠦᠲᠦᠮᠵᠢᠲᠡᠶ ᠠᠰᠢᠭᠯᠠᠨ᠂ ᠣᠲᠣ ᠪᠣᠯᠲᠠᠯ᠎ᠠ ᠨᠡᠶᠢᠲᠡ 5003 ᠬᠤᠪᠢ ᠭᠡᠷᠡᠭ ᠶᠠᠪᠤᠳᠠᠯ ᠢ | ᠭᠥᠯᠢᠶᠡᠨ ᠠᠪᠴᠤ᠂ 4692 ᠬᠤᠪᠢ ᠶᠢ ᠰᠢᠢᠳᠪᠦᠷᠢᠯᠡᠭᠡᠳ᠂ ᠰᠢᠢᠳᠪᠦᠷᠢᠯᠡᠭᠰᠡᠨ ᠨᠣᠷᠮ᠎ᠠ 93.78 % ᠳᠤ | ᠬᠦᠷᠴᠦ᠂ ᠬᠠᠨᠤᠮᠵᠢᠲᠠᠢ ᠨᠣᠷᠮ᠎ᠠ 91.81 % ᠳᠤ ᠬᠦᠷᠴᠡᠢ᠃ ᠲᠤᠰ ᠬᠤᠰᠢᠭᠤ ᠨᠢ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠪᠠ ᠣᠯᠠᠨ ᠲᠦᠮᠡᠨ ᠢ ︽ᠵᠠᠶ ᠵᠠᠪᠰᠠᠷ | ᠥᠬᠡᠶ︾ ᠪᠠᠶᠢᠯᠭᠠᠨ᠂ ᠰᠦᠯᠵᠢᠶ᠎ᠡ ᠪᠠᠷ ᠲᠠᠮᠵᠢᠭᠠᠳ ᠨᠠᠮ ᠤᠨ ᠶᠠᠪᠤᠳᠠᠯ ᠢ ᠢᠯᠡ ᠪᠣᠯᠭᠠᠬᠤ ᠮᠡᠳᠡᠭᠡ ᠵᠠᠩᠭᠢ 24 | ᠵᠤᠷᠪᠤᠰ᠂ ᠰᠣᠨᠢᠨ ᠮᠡᠳᠡᠭᠡᠨ ᠤ ᠲᠥᠷᠥᠯ ᠤᠨ ᠮᠡᠳᠡᠭᠡ ᠵᠠᠩᠭᠢ 203 ᠵᠤᠷᠪᠤᠰ᠂ ᠮᠡᠳᠡᠭᠳᠡᠯ ᠵᠠᠷᠯᠠᠯ 349 ᠵᠤᠷᠪᠤᠰ᠂ | ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠤᠯᠤᠩ ᠤᠨ ᠮᠡᠳᠡᠭᠡ ᠵᠠᠩᠭᠢ 277 | ᠵᠤᠷᠪᠤᠰ ᠢ ᠨᠡᠶᠢᠳᠡᠯᠡᠭᠰᠡᠨ ᠪᠦᠭᠡᠳ ᠸᠢᠴᠠᠲ ᠤᠨ ᠨᠡᠶᠢᠲᠡ ᠶᠢᠨ ᠳ᠋ᠤᠭᠠᠷ᠂ ᠵᠠᠰᠠᠭ ᠤᠨ ᠶᠠᠪᠤᠳᠠᠯ ᠤᠨ ᠶᠡᠭᠡ | ᠲᠢᠩᠬᠢᠮ ᠤᠨ LED ᠳᠡᠯᠭᠡᠴᠡ᠂ ᠴᠤᠤᠷᠢᠶ᠎ᠠ ᠲᠠᠪᠴᠠᠩ᠂ ᠬᠠᠮ ᠵᠠᠭᠤᠴᠢᠯᠠᠭᠤᠷ ᠤᠨ ᠲᠥᠪ᠂ ᠵᠠᠰᠠᠭ ᠤᠨ | ᠣᠷᠳᠣᠨ ᠤ ᠰᠦᠯᠵᠢᠶ᠎ᠡ ᠵᠡᠷᠭᠡ ᠶᠢ ᠠᠰᠢᠭᠯᠠᠨ ᠂ ᠮᠥᠩᠬᠡ ᠰᠤᠪᠠᠭ ᠤᠨ APP ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠣᠲᠣ ᠪᠣᠯᠲᠠᠯ᠎ᠠ ᠨᠡᠶᠢᠲᠡ 148 ᠤᠳᠠᠭᠠᠨ ᠤ ᠤᠬᠠᠭᠤᠯᠭ᠎ᠠ | ᠬᠢᠭᠰᠡᠨ ᠪᠠᠶᠢᠨ᠎ᠠ᠃ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠦᠢᠯᠡᠴᠢᠯᠡᠭᠡᠨ ᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠥᠭᠡ᠂ ᠲᠠᠶᠢᠹᠤᠰᠧ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠠᠵᠤ | ᠠᠬᠤᠶᠢᠯᠠᠯ ᠳᠤ ᠦᠢᠯᠡᠴᠢᠯᠡᠬᠦ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠨ᠂ 10 ᠰᠠᠯᠠᠭ᠎ᠠ ᠮᠥᠴᠢᠷ ᠤᠨ | 23 ᠠᠵᠢᠯᠳᠠᠨ ᠢᠶᠠᠷ ᠪᠦᠷᠢᠯᠳᠦᠭᠰᠡᠨ ᠲᠤᠰᠬᠠᠢ ᠮᠡᠷᠭᠡᠵᠢᠯ ᠤᠨ ᠬᠠᠪᠰᠤᠷᠤᠨ ᠭᠦᠢᠴᠡᠳᠬᠡᠬᠦ ᠤᠷᠤᠯᠠᠨ ᠬᠦᠢᠴᠡᠳᠭᠡᠬᠦ | ᠡᠩᠨᠡᠭᠡ ᠶᠢ ᠵᠣᠬᠢᠶᠠᠨ ᠪᠠᠶᠢᠭᠤᠯᠵᠤ᠂ ᠤᠤᠯ ᠤᠨ 22 ᠵᠦᠢᠯ ᠤᠨ ︽ᠬᠠᠪᠰᠤᠷᠤᠨ ᠭᠦᠢᠴᠡᠳᠬᠡᠬᠦ︾ ᠵᠦᠢᠯᠡᠰ ᠢ 75 | ᠪᠤᠯᠭᠠᠵᠤ ᠦᠷᠭᠡᠳᠭᠡᠭᠰᠡᠨ ᠤ ᠬᠠᠮᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠲᠡᠶᠢᠰᠢ | ᠤᠷᠲᠤᠳᠬᠠᠬᠤ ᠶᠢ ᠲᠦᠷᠭᠡᠳᠬᠡᠨ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠢ ᠪᠦᠬᠦᠨ ᠢ ᠣᠷᠣᠯᠠᠨ | ᠭᠦᠢᠴᠡᠳᠬᠡᠬᠦ ᠬᠠᠪᠰᠤᠷᠤᠨ ᠭᠦᠢᠴᠡᠳᠬᠡᠬᠦ ᠬᠡᠪᠴᠢᠶᠡᠨ ᠳᠤ ᠤᠷᠤᠭᠤᠯᠤᠭᠠᠳ᠂ ᠣᠲᠣ ᠪᠣᠯᠲᠠᠯ᠎ᠠ ᠨᠢᠭᠡᠨᠲᠡ 37 | ᠬᠤᠪᠢ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠲᠥᠷᠥᠯ ᠵᠦᠢᠯ ᠢ ᠬᠦᠢᠴᠡᠳᠭᠡᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠥᠨᠳᠥᠷ ᠪᠦᠲᠦᠮᠵᠢᠲᠡᠶ ᠳᠥᠭᠦᠮ ᠳᠥᠲᠡ ᠬᠠᠪᠰᠤᠷᠤᠨ ᠭᠦᠢᠴᠡᠳᠬᠡᠬᠦ | ᠦᠢᠯᠡᠴᠢᠯᠡᠭᠡ ᠬᠠᠩᠭᠠᠭᠰᠠᠨ ᠪᠠᠶᠢᠨ᠎ᠠ᠃ |