ᠪᠧᠢ ᠶᠤᠸᠠᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠴᠧᠩ ᠪᠧᠢ ᠬᠡᠦᠬᠡᠳ ᠤᠨ ᠴᠡᠴᠡᠷᠯᠢᠭ ᠲᠤ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/4
   ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ  ᠰᠤᠷᠭᠠᠭᠤᠯᠢ ᠶᠢᠨ ᠬᠦᠷᠢᠶᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠤᠯᠠᠮ ᠴᠢᠩᠭᠠᠳᠬᠠᠨ᠂ ᠡᠶ᠎ᠡ ᠵᠣᠬᠢᠴᠠᠯ ᠲᠠᠢ ᠠᠮᠤᠷ ᠲᠣᠭᠲᠠᠭᠤᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠤᠢ ᠪᠤᠯᠭᠠᠬᠤ ᠶᠢᠨ ᠲᠤᠰᠠᠳᠠ᠂ 11 ᠰᠠᠷ᠎ᠠ ᠶᠢᠨ 1 ᠤ ᠡᠳᠦᠷ ᠱᠠᠨ ᠰᠢ ᠮᠤᠵᠢ ᠶᠢᠨ ᠪᠸᠢ ᠶᠤᠸᠠᠢ ︵ᠲᠠᠶᠢᠹᠦᠰᠧ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠯᠢᠶᠠᠩ ᠳ᠋ᠧᠩ ᠴᠧᠩ ᠬᠠᠤᠯᠢᠴᠢ ᠲᠠᠶᠢᠹᠦᠰᠧ ᠬᠤᠰᠢᠭᠤᠨ ᠤ ᠴᠧᠩ ᠪᠸᠢ ᠬᠡᠤᠬᠡᠳ ᠤᠨ ᠴᠡᠴᠡᠷᠯᠢᠭ ᠲᠤ ᠬᠦᠷᠴᠦ᠂ ᠪᠠᠭᠰᠢ ᠠᠵᠢᠯᠲᠠᠨ ᠳᠤ ᠲᠤᠰᠬᠠᠶ ᠰᠡᠳᠦᠪᠲᠦ ᠬᠠᠤᠯᠢ ᠶᠢᠨ ᠲᠠᠶᠢᠯᠤᠮᠵᠢ ᠬᠢᠵᠡᠢ᠃ ᠰᠤᠷᠭᠠᠭᠤᠯᠢ ᠶᠢᠨ ᠤᠳᠤᠷᠢᠳᠤᠯᠭ᠎ᠠ ᠪᠠ ᠪᠦᠬᠦ ᠪᠠᠭᠰᠢ ᠠᠵᠢᠯᠲᠠᠨ ᠬᠢᠴᠢᠶᠡᠯ ᠲᠠᠶᠢᠯᠤᠮᠵᠢ ᠶᠢ ᠰᠤᠨᠤᠰᠤᠭᠰᠠᠨ ᠪᠠᠶᠢᠨ᠎ᠠ᠃ ᠯᠢᠶᠠᠩ ᠳ᠋ᠧᠩ ᠴᠧᠩ ᠬᠠᠤᠯᠢᠴᠢ ᠠᠴᠠ ᠬᠡᠤᠬᠡᠳ ᠤᠨ ᠴᠡᠴᠡᠷᠯᠢᠭ ᠤᠨ ᠠᠮᠤᠷ ᠢ ᠬᠠᠮᠠᠭᠠᠯᠠᠬᠤ ᠬᠦᠴᠦᠨ᠂ ᠬᠤᠭᠤᠯᠠᠨ ᠬᠡᠷ ᠤᠨ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ᠂ ᠬᠠᠲᠠᠭᠤ ᠲᠣᠨᠤᠭ ᠤᠨ ᠬᠠᠮᠠᠭᠠᠯᠠᠯᠲᠠ᠂ ᠬᠡᠷ ᠪᠦᠯᠢ ᠪᠠ ᠰᠤᠷᠭᠠᠭᠤᠯᠢ ᠶᠢᠨ ᠬᠠᠮᠵᠢᠯᠴᠠᠭ᠎ᠠ᠂ ᠰᠡᠳᠬᠢᠴᠡ ᠶᠢᠨ ᠡᠷᠡᠭᠦᠯ ᠮᠡᠨᠳᠦ ᠵᠡᠷᠭᠡ ᠲᠠᠯ᠎ᠠ ᠠᠴᠠ ᠬᠠᠤᠯᠢ ᠲᠦᠷᠢᠮ ᠢᠶᠠᠷ ᠤᠷᠢᠲᠠᠯ ᠪᠣᠯᠭᠠᠭᠰᠠᠨ ᠤᠷᠢᠳᠴᠢᠯᠠᠨ ᠰᠡᠷᠭᠡᠶᠢᠯᠡᠵᠦ ᠠᠷᠭᠠᠴᠠᠬᠤ ᠠᠷᠭ᠎ᠠ ᠬᠡᠮᠵᠢᠶᠡᠨ ᠤ ᠰᠠᠨᠠᠭᠤᠯᠤᠮᠵᠢ ᠥᠭᠴᠦ᠂ ᠬᠠᠤᠯᠢ ᠶᠢᠨ ᠮᠡᠳᠡᠯᠭᠡ ᠶᠢ ᠡᠳᠦᠷ ᠲᠤᠲᠤᠮ ᠤᠨ ᠵᠢᠭᠠᠨ ᠰᠤᠷᠭᠠᠯᠲᠠ ᠳᠤ ᠠᠭᠤᠰᠤᠯᠴᠠᠭᠤᠯᠪᠠ᠃  ᠬᠢᠴᠢᠶᠡᠯ ᠲᠠᠶᠢᠯᠤᠮᠵᠢ  ᠪᠠᠷ ᠲᠠᠮᠵᠢᠭᠠᠳ᠂ ᠪᠠᠭᠰᠢ ᠠᠵᠢᠯᠳᠠᠳ ᠤᠨ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠥᠮᠦᠨ ᠪᠦᠬᠦᠨ ︽ᠬᠠᠤᠯᠢ ᠶᠢ ᠮᠡᠳᠡᠬᠦ᠂ ᠬᠠᠤᠯᠢ ᠶᠢ ᠰᠤᠷᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ︾ ᠰᠠᠶᠢᠨ ᠰᠠᠶᠢᠬᠠᠨ ᠰᠤᠷᠭᠠᠭᠤᠯᠢ ᠶᠢᠨ ᠬᠦᠷᠢᠶᠡᠨ ᠤ ᠠᠭᠤᠷ ᠠᠮᠢᠰᠬᠤᠯ ᠢ ᠪᠣᠶ ᠪᠤᠯᠭᠠᠭᠰᠠᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号