ᠲᠠᠶᠢᠹᠤᠰᠧ ᠬᠤᠰᠢᠭᠤᠨ ᠤ ᠬᠢᠨ ᠰᠤᠷᠭᠠᠭᠤᠯᠢ ᠶᠢᠨ ᠠᠮᠤᠷ ᠢ ᠬᠠᠮᠠᠭᠠᠯᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/11/5
  ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠰᠠᠶᠢᠨ ᠬᠢᠵᠦ᠂ ᠠᠮᠤᠷ ᠢ ᠬᠠᠮᠠᠭᠠᠯᠠᠬᠤ ᠠᠵᠢᠯᠲᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠲᠤᠬᠠᠶᠢᠯᠠᠭᠰᠠᠨ ᠠᠵᠢᠯ ᠤᠨ  ᠬᠢᠷᠢ ᠴᠢᠳᠠᠪᠤᠷᠢ ᠶᠢ ᠤᠯᠠᠮ ᠳᠡᠭᠡᠭᠰᠢᠯᠡᠭᠦᠯᠦᠨ᠂ ᠥᠷᠭᠡᠨ ᠣᠯᠠᠨ ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 2᠎ ᠤᠨ ᠡᠳᠦᠷ ᠲᠠᠶᠢᠹᠤᠰᠧ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠎ ᠨᠢ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠠᠮᠤᠷ ᠢ ᠬᠠᠮᠠᠭᠠᠯᠠᠬᠤ ᠶᠡᠭᠡ ᠠᠩᠭᠢ ᠲᠠᠢ ᠬᠠᠮᠲᠤᠷᠠᠨ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠢ ᠬᠠᠮᠠᠭᠠᠯᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠵᠡᠢ᠃ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠠᠮᠤᠷ ᠢ ᠬᠠᠮᠠᠭᠠᠯᠠᠬᠤ ᠠᠵᠢᠯᠲᠠᠨ ᠪᠠ ᠠᠮᠤᠷ ᠢ ᠬᠠᠮᠠᠭᠠᠯᠠᠬᠤ ᠠᠯᠪᠠᠨ ᠬᠡᠷ ᠤᠨ ᠡᠷᠬᠢᠯᠡᠭᠴᠢ ᠵᠡᠷᠭᠡ 40 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃  ᠡᠨᠡ ᠤᠳᠠᠭᠠᠨ ᠤ ᠪᠣᠯᠪᠠᠰᠤᠷᠠᠯ ᠳᠤ ᠠᠮᠤᠷ ᠢ ᠬᠠᠮᠠᠭᠠᠯᠠᠬᠤ ᠠᠵᠢᠯᠲᠠᠨ ᠤ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠠᠮᠤᠷ ᠢ ᠬᠠᠮᠠᠭᠠᠯᠠᠬᠤ ᠮᠡᠳᠡᠯᠭᠡ ᠪᠠ ᠴᠢᠳᠠᠪᠤᠷᠢ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠰᠤᠷᠤᠯᠴᠠᠬᠤ ᠪᠠᠷ ᠲᠠᠮᠵᠢᠭᠠᠳ᠂ ᠠᠮᠤᠷ ᠢ ᠬᠠᠮᠠᠭᠠᠯᠠᠬᠤ ᠠᠵᠢᠯᠳᠠᠳ ᠤᠨ ᠤᠬᠠᠮᠰᠠᠷ ᠲᠠᠨᠢᠯᠲᠠ ᠶᠢ ᠨᠢ ᠨᠡᠮᠡᠭᠳᠡᠬᠦᠯᠵᠦ᠂  ᠲᠤᠬᠠᠶᠢᠯᠠᠭᠰᠠᠨ ᠠᠵᠢᠯ  ᠤᠨ ᠬᠡᠪ ᠪᠣᠯᠪᠠᠰᠤᠷᠠᠯ ᠪᠠ ᠬᠢᠴᠢ ᠴᠢᠳᠠᠪᠤᠷᠢ ᠶᠢ ᠨᠢ  ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠭᠰᠡᠨ ᠪᠠᠶᠢᠨ᠎ᠠ᠃ ᠪᠣᠯᠪᠠᠰᠤᠷᠠᠯ ᠲᠡᠭᠡᠷ᠎ᠡ᠂ ᠠᠮᠤᠷ ᠢ ᠬᠠᠮᠠᠭᠠᠯᠠᠬᠤ ᠠᠵᠢᠯᠳᠠᠳ ᠡᠷᠬᠡᠪᠰᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠤᠪᠢ ᠬᠥᠮᠦᠨ ᠤ ᠬᠡᠪ ᠴᠢᠨᠠᠷ ᠪᠣᠯᠤᠨ ᠲᠤᠬᠠᠶᠢᠯᠠᠭᠰᠠᠨ ᠠᠵᠢᠯ ᠤᠨ ᠬᠢᠷᠢ ᠴᠢᠳᠠᠪᠤᠷᠢ ᠪᠠᠨ ᠲᠡᠭᠡᠭᠰᠢᠯᠡᠬᠦᠯᠵᠦ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠨᠢᠮᠪᠠᠢ ᠬᠦᠢᠴᠡᠳᠭᠡᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠲᠠᠶᠢᠹᠤᠰᠧ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号