ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ | ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠸᠧᠶ ᠹᠠᠩ ᠬᠤᠲᠠ ᠶᠢᠨ ᠰᠢᠨ᠎ᠡ ᠠᠷᠭ᠎ᠠ | ᠲᠤᠷᠰᠢᠯᠭ᠎ᠠ ᠶᠢ ᠰᠤᠷᠤᠯᠴᠠᠨ᠂ ᠪᠥᠬᠦ ᠬᠤᠰᠢᠭᠤᠨ ᠤ ᠲᠠᠷᠢᠶᠠᠯᠠᠩ ᠤᠨ ᠲᠣᠮᠣ ᠡᠷᠦᠬᠡ ︵ᠡᠵᠡᠩᠨᠡᠯᠲᠡ ᠶᠢᠨ ᠭᠤᠤᠯ ᠴᠣᠭᠴᠠ︶ | ᠶᠢᠨ ᠦᠢᠯᠡᠳᠪᠦᠷᠢᠯᠡᠯ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠪᠣᠷᠣᠯᠠᠭᠤᠯᠭ᠎ᠠ ᠶᠢᠨ ᠠᠷᠭ᠎ᠠ ᠵᠠᠮ ᠢ | ᠥᠷᠭᠡᠳᠬᠡᠨ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠦᠮᠦᠵᠢᠬᠦᠯᠵᠦ᠂ ᠪᠥᠬᠦ ᠬᠤᠰᠢᠭᠤᠨ ᠳᠤ ᠵᠢᠱᠢᠶ᠎ᠡ | ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠦᠵᠡᠬᠦᠯᠦᠨ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠦᠯᠦᠭᠡ᠂ 10 ᠰᠠᠷ᠎ᠠ ᠶᠢᠨ 25 ᠤ ᠡᠳᠦᠷ ᠠᠴᠠ 11 ᠰᠠᠷ᠎ᠠ ᠶᠢᠨ 3 ᠤ | ᠡᠳᠦᠷ ᠪᠣᠯᠲᠠᠯ᠎ᠠ ᠲᠠᠶᠢᠹᠤᠰᠧ ᠬᠤᠰᠢᠭᠤ ᠨᠢ 2024 ᠣᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ | ᠬᠦᠮᠦᠵᠢᠬᠦᠯᠬᠦ ᠪᠤᠯᠪᠠᠰᠤᠷᠠᠯ ᠤᠨ ᠨᠢᠬᠡ ᠪᠤᠯᠬᠤ ᠲᠦᠬᠦᠭᠡᠷᠦᠮᠵᠢᠳᠤ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ | ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠭᠢᠯᠡᠵᠦ᠂ 78 ᠮᠠᠯᠴᠢᠨ ᠲᠠᠷᠢᠶᠠᠴᠢᠨ | ᠪᠣᠯᠪᠠᠰᠤᠷᠠᠯ ᠳᠤ ᠤᠷᠤᠯᠴᠠᠵᠠᠢ᠃ ᠡᠨᠡ ᠤᠳᠠᠭᠠᠨ ᠤ ᠪᠣᠯᠪᠠᠰᠤᠷᠠᠯ ᠨᠢ ︽ᠣᠨᠣᠯ ᠤᠨ ᠰᠤᠷᠤᠯᠴᠠᠯᠭ᠎ᠠ + ᠭᠠᠳᠠᠭᠰᠢ | ᠭᠠᠷᠴᠤ ᠲᠣᠭᠤᠷᠢᠨ ᠰᠤᠷᠤᠯᠴᠠᠬᠤ︾ ᠬᠡᠯᠪᠡᠷᠢ ᠪᠠᠷ ᠨᠡᠶᠢᠳᠡ 10 ᠡᠳᠦᠷ ᠤᠨ ᠬᠤᠭᠤᠴᠠᠭ᠎ᠠ ᠲᠠᠢ ᠶᠠᠪᠤᠭᠳᠠᠭᠰᠠᠨ ᠪᠠᠶᠢᠨ᠎ᠠ᠃ | | | | | | | | | | | | |