ᠤᠶᠢᠷ᠎ᠠ ᠳᠤ᠂ ᠪᠤᠤᠴᠠᠩ ᠪᠠᠯᠭᠠᠰᠤᠨ ᠤ ᠬᠢᠨ ᠳᠥᠷᠪᠡᠳᠦᠭᠡᠷ ᠬᠤᠭᠤᠴᠠᠭᠠᠨ ᠤ ︽ᠨᠡᠶᠢᠬᠡᠮ ᠲᠣᠭᠤᠷᠢᠭ | ᠬᠤᠨᠳᠠᠭᠠᠲᠤ︾ ᠥᠲᠥᠨ ᠪᠥᠮᠪᠦᠭᠡ ᠶᠢᠨ ᠤᠷᠤᠯᠳᠤᠭᠠᠨ ᠢᠶᠠᠨ ᠠᠮᠵᠢᠯᠳᠠ ᠲᠠᠢ ᠡᠷᠬᠢᠯᠡᠨ ᠶᠠᠪᠤᠭᠳᠠᠭᠤᠯᠵᠤ᠂ | ᠢᠳᠡᠷᠴᠤᠳ ᠵᠠᠯᠠᠭᠤᠴᠤᠳ ᠤᠨ ᠲᠤᠭᠤᠶᠢᠯᠠᠩ ᠤᠨ ᠤᠷᠤᠯᠳᠤᠭᠠᠨ ᠪᠣᠯᠤᠨ ᠪᠠᠭᠠᠴᠤᠳ ᠤᠨ ᠲᠤᠭᠤᠶᠢᠯᠠᠩ ᠤᠨ | ᠤᠷᠤᠯᠳᠤᠭᠠᠨ ᠳᠤ ᠨᠡᠶᠢᠳᠡ 115 ᠲᠠᠮᠢᠷᠴᠢᠨ ᠤᠷᠤᠯᠴᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ ᠭᠦᠸᠧ ᠡᠬᠢᠯᠡᠯᠲᠡ ᠶᠢᠨ ᠶᠣᠰᠣᠯᠠᠯ ᠳᠤ | ᠣᠷᠣᠯᠴᠠᠵᠤ ᠪᠠᠶᠠᠷ ᠤᠨ ᠦᠭᠡ ᠬᠡᠯᠡᠵᠡᠶ᠃ | ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠵᠠᠩ ᠬᠤᠤ᠄ ︽ᠪᠢ ᠪᠦᠦ ᠹᠧᠩ ᠨᠡᠶᠢᠭᠡᠮ ᠲᠣᠭᠤᠷᠢᠭ ᠢ | ᠲᠦᠯᠦᠭᠡᠯᠡᠵᠦ ᠤᠷᠤᠯᠳᠤᠭᠠᠨ ᠳᠤ ᠤᠷᠤᠯᠴᠠᠵᠠᠢ᠂ ᠡᠨᠡ ᠤᠳᠠᠭᠠᠨ ᠤ ᠬᠥᠳᠡᠯᠭᠡᠭᠡᠨ ᠳᠤ ᠤᠷᠤᠯᠴᠠᠭᠠᠳ ᠮᠠᠰᠢ | ᠪᠠᠶᠠᠷ ᠲᠠᠢ ᠪᠠᠶᠢᠨ᠎ᠠ᠂ ᠮᠠᠰᠢ ᠣᠯᠠᠨ ᠨᠠᠶᠢᠵᠠ ᠨᠠᠷ ᠲᠠᠢ ᠲᠠᠨᠢᠯᠴᠠᠵᠤ᠂ ᠠᠷᠭ᠎ᠠ ᠲᠤᠷᠰᠢᠯᠭ᠎ᠠ ᠪᠠᠨ ᠰᠤᠯᠢᠯᠴᠠᠯ᠎ᠠ᠂ | ᠮᠠᠰᠢ ᠶᠡᠭᠡ ᠣᠯᠤᠯᠲᠠ ᠲᠠᠢ︾ ᠃ | ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠭᠦᠸᠧ ᠬᠤᠤ ᠶᠠᠩ᠄ ︽ᠥᠳᠥᠨ ᠪᠥᠮᠪᠦᠭᠡ ᠪᠤᠯ ᠮᠢᠨᠦ | ᠬᠠᠮᠤᠭ ᠠᠴᠠ ᠲᠤᠷ᠎ᠠ ᠪᠠᠬ᠎ᠠ ᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠪᠤᠯᠤᠨ᠎ᠠ᠂ ᠡᠨᠡ ᠤᠳᠠᠭᠠᠨ ᠤ | ᠤᠷᠤᠯᠳᠤᠭᠠᠨ ᠳᠤ ᠤᠷᠤᠯᠴᠠᠭᠠᠳ ᠪᠢ ᠮᠠᠰᠢ ᠣᠯᠠᠨ ᠥᠲᠥᠨ ᠪᠥᠮᠪᠥᠭᠡᠨ ᠳᠤ ᠪᠠᠭ᠋ᠠᠳᠠᠢ ᠪᠢᠴᠢᠬᠠᠨ ᠨᠠᠶᠢᠵᠠ | ᠨᠠᠷ ᠲᠠᠢ ᠲᠠᠨᠢᠯᠴᠠᠵᠤ ᠨᠠᠩ ᠣᠯᠠᠨ ᠤᠷ᠎ᠠ ᠮᠡᠷᠭᠡᠵᠢᠯ ᠢ ᠰᠤᠷᠴᠠᠶ᠂ ᠬᠠᠨᠤᠮᠵᠢᠲᠠᠶ ᠬᠢᠷᠢ ᠪᠦᠲᠦᠮᠵᠢ ᠣᠯᠬᠤ ᠶᠢ | ᠬᠦᠰᠡᠵᠦ ᠪᠠᠶᠢᠨ᠎ᠠ︾᠃ | ᠳᠥᠷᠪᠡᠳᠦᠭᠡᠷ ᠬᠤᠭᠤᠴᠠᠭᠠᠨ ᠤ ︽ᠨᠡᠶᠢᠬᠡᠮ ᠲᠣᠭᠤᠷᠢᠭ ᠬᠤᠨᠳᠠᠭᠠᠲᠤ︾ ᠦᠳᠦᠨ ᠪᠦᠮᠪᠦᠭᠡ ᠤᠷᠤᠯᠳᠤᠭᠠᠨ | ᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ᠂ ᠪᠤᠤᠴᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠵᠦ᠂ | ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ | ᠲᠠᠶᠢᠹᠤᠰᠧ ᠬᠤᠰᠢᠭᠤᠨ ᠤ ᠪᠤᠤᠴᠠᠩ ᠪᠠᠯᠭᠠᠰᠤᠨ ᠤ 6 ᠨᠡᠶᠢᠭᠡᠮ ᠲᠣᠭᠤᠷᠢᠭ ᠠᠴᠠ ᠬᠠᠮᠳᠤ ᠪᠠᠷ ᠲᠠᠭᠠᠭᠠᠴᠢᠯᠠᠨ | ᠡᠷᠬᠢᠯᠡᠵᠡᠢ᠃ ᠤᠷᠤᠯᠳᠤᠭᠠᠨ ᠨᠢ ᠰᠠᠭᠤᠭᠠᠯᠢ ᠠᠷᠠᠳ ᠤᠨ ᠰᠤᠶᠤᠯ ᠲᠠᠮᠢᠷ ᠤᠨ ᠠᠮᠢᠳᠤᠷᠠᠯ ᠢ ᠪᠠᠶᠠᠯᠢᠬᠵᠢᠭᠤᠯᠤᠨ᠂ | ᠠᠷᠠᠳ ᠤᠯᠠᠨ ᠤ ᠥᠭᠡᠳᠡᠯᠡᠨ ᠳᠠᠪᠰᠢᠬᠤ ᠵᠣᠷᠢᠭ ᠰᠠᠨᠠᠭ᠎ᠠ ᠶᠢ ᠢᠯᠡᠷᠡᠭᠦᠯᠵᠦ᠂ ᠨᠡᠶᠢᠭᠡᠮ ᠲᠣᠭᠤᠷᠢᠭ ᠤᠨ | ᠰᠣᠶᠣᠯ ᠲᠠᠮᠢᠷ ᠤᠨ ᠬᠥᠭᠵᠢᠯᠲᠡ ᠶᠢ ᠠᠬᠢᠭᠤᠯᠤᠭᠠᠳ᠂ ᠲᠠᠶᠢᠹᠤᠰᠧ ᠬᠤᠰᠢᠭᠤᠨ ᠤ ᠪᠥᠬᠦ ᠠᠷᠠᠳ ᠢᠶᠠᠷ ᠢᠶᠠᠨ | ᠴᠢᠭᠢᠷᠠᠭᠵᠢᠬᠤ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ |