︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠳᠠᠬᠢ ᠭᠠᠳᠠᠭᠠᠳᠤ ᠶᠢᠨ ᠬᠥᠮᠦᠨ ᠤ ᠱᠠᠰᠢᠨ | ᠰᠤᠷᠲᠠᠬᠤᠨ ᠤ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠭᠠᠯ︾ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ | ᠳᠤ ᠳᠤᠮᠳᠠᠳᠤ ᠤᠯᠤᠰ ᠤᠨ ᠬᠢᠯᠢ ᠳᠠᠬᠢ ᠭᠠᠳᠠᠭᠠᠳᠤ ᠶᠢᠨ ᠬᠥᠮᠦᠨ ᠤ ᠱᠠᠰᠢᠨ ᠰᠤᠷᠲᠠᠬᠤᠨ ᠤ ᠠᠵᠢᠯᠯᠠᠭᠠᠨ ᠤ | ᠬᠠᠮᠢᠶᠠᠷᠤᠯᠲᠠ ᠶᠢᠨ ᠭᠤᠤᠯ ᠵᠠᠷᠴᠢᠮ ᠢ ᠲᠣᠳᠣᠷᠬᠠᠶᠢᠯᠠᠪᠠ᠃ ᠡᠭᠦᠨ ᠳᠤ᠂ ᠳᠤᠮᠳᠠᠳᠤ ᠤᠯᠤᠰ ᠤᠨ ᠬᠢᠯᠢ ᠳᠠᠬᠢ | ᠭᠠᠳᠠᠭᠠᠳᠤ ᠶᠢᠨ ᠬᠥᠮᠦᠨ ᠤ ᠱᠠᠰᠢᠨ ᠰᠢᠲᠦᠯᠭᠡ ᠶᠢᠨ ᠡᠷᠬᠡ ᠴᠢᠯᠥᠭᠡ ᠶᠢ ᠬᠦᠨᠳᠦᠳᠬᠡᠨ᠂ ᠱᠠᠰᠢᠨ ᠰᠤᠷᠲᠠᠬᠤᠨ ᠤ | ᠲᠠᠯ᠎ᠠ ᠪᠠᠷ ᠳᠤᠮᠳᠠᠳᠤ ᠤᠯᠤᠰ ᠤᠨ ᠱᠠᠰᠢᠨ ᠰᠤᠷᠲᠠᠬᠤᠨ ᠤ ᠡᠲᠡᠭᠡᠳ ᠲᠠᠢ ᠬᠢᠭᠰᠡᠨ ᠨᠥᠬᠦᠷᠰᠡᠭ ᠶᠠᠪᠤᠯᠴᠠᠭ᠎ᠠ ᠪᠠ | ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠶᠢ ᠬᠠᠮᠠᠭᠠᠯᠠᠨ᠎ᠠ᠃ ᠭᠠᠳᠠᠭᠠᠳᠤ ᠶᠢᠨ ᠬᠥᠮᠦᠨ ᠳᠤᠮᠳᠠᠳᠤ | ᠤᠯᠤᠰ ᠤᠨ ᠬᠢᠯᠢ ᠳᠤ ᠱᠠᠰᠢᠨ ᠰᠤᠷᠲᠠᠬᠤᠨ ᠤ ᠠᠵᠢᠯᠯᠠᠭ᠎ᠠ ᠬᠢᠬᠦ ᠳᠡᠭᠡᠨ ᠳᠤᠮᠳᠠᠳᠤ ᠤᠯᠤᠰ ᠤᠨ ᠬᠠᠤᠯᠢ ᠲᠦᠷᠢᠮ ᠢ | ᠵᠢᠷᠤᠮᠯᠠᠬᠤ ᠬᠡᠷᠡᠭᠲᠡᠢ᠃ ᠭᠠᠳᠠᠭᠠᠳᠤ ᠶᠢᠨ ᠬᠥᠮᠦᠨ ᠳᠤᠮᠳᠠᠳᠤ ᠤᠯᠤᠰ ᠤᠨ ᠬᠢᠯᠢ ᠳᠤ ᠬᠠᠤᠯᠢ ᠪᠤᠰᠤ ᠪᠠᠷ ᠱᠠᠰᠢᠨ | ᠳᠡᠯᠭᠡᠷᠡᠭᠦᠯᠬᠦ ᠠᠵᠢᠯᠯᠠᠭ᠎ᠠ ᠬᠢᠵᠦ ᠪᠣᠯᠬᠤ ᠦᠭᠡᠶ᠂ ᠳᠤᠮᠳᠠᠳᠤ ᠤᠯᠤᠰ ᠤᠨ ᠬᠢᠯᠢ ᠳᠤ ᠱᠠᠰᠢᠨ ᠰᠤᠷᠲᠠᠬᠤᠨ ᠤ | ᠵᠣᠬᠢᠶᠠᠨ ᠪᠠᠶᠢᠭᠤᠯᠤᠯᠲᠠ ᠪᠠᠶᠢᠭᠤᠯᠬᠤ᠂ ᠱᠠᠰᠢᠨ ᠰᠤᠷᠲᠠᠬᠤᠨ ᠤ ᠬᠡᠷᠡᠭ ᠡᠷᠬᠢᠯᠡᠬᠦ ᠪᠠᠶᠢᠭᠤᠯᠤᠮᠵᠢ ᠪᠠᠶᠢᠭᠤᠯᠬᠤ᠂ | ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠭᠠᠷᠭᠠᠬᠤ ᠪᠤᠶᠤ ᠱᠠᠰᠢᠨ ᠰᠤᠷᠲᠠᠬᠤᠨ ᠤ ᠶᠡᠭᠡ ᠳᠡᠭᠡᠳᠦ | ᠰᠤᠷᠭᠠᠭᠤᠯᠢ ᠡᠷᠬᠢᠯᠡᠵᠦ ᠪᠣᠯᠬᠤ ᠦᠭᠡᠶ᠂ ᠳᠤᠮᠳᠠᠳᠤ ᠤᠯᠤᠰ ᠤᠨ ᠠᠷᠠᠳ ᠢᠷᠭᠡᠳ ᠤᠨ ᠲᠤᠮᠳᠠ ᠠᠴᠠ ᠱᠠᠰᠢᠨᠲᠠᠨ | ᠬᠦᠮᠦᠵᠢᠬᠦᠯᠬᠦ᠂ ᠱᠠᠰᠢᠨ ᠰᠤᠷᠲᠠᠬᠤᠨ ᠤ ᠪᠠᠭᠰᠢ ᠠᠵᠢᠯᠲᠠᠨ ᠲᠣᠮᠢᠯᠠᠬᠤ ᠪᠠ ᠪᠤᠰᠤᠳ ᠱᠠᠰᠢᠨ ᠳᠡᠯᠭᠡᠷᠡᠭᠦᠯᠬᠦ | ᠠᠵᠢᠯᠯᠠᠭ᠎ᠠ ᠵᠡᠷᠭᠡ ᠶᠢ ᠬᠢᠵᠦ ᠪᠣᠯᠬᠤ ᠦᠭᠡᠶ᠃ |