ᠬᠤᠰᠢᠭᠤ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠯᠳᠠ ᠡᠬᠢᠯᠡᠭᠰᠡᠨ
ᠨᠡᠶᠢᠲᠡᠯᠡᠭᠰᠡᠨ ᠴᠠᠭ᠄
2024/11/6
  ᠬᠤᠰᠢᠭᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠳᠠ ᠪᠠᠷ᠂ 11 ᠰᠠᠷ᠎ᠠ ᠶᠢᠨ 4᠎ ᠤ ᠡᠳᠦᠷ ᠪᠣᠯᠲᠠᠯ᠎ᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠲᠤᠭᠤᠷᠢᠨ  ᠪᠠᠶᠢᠴᠠᠭᠠᠬᠤ ᠠᠵᠢᠯ ᠡᠬᠢᠯᠡᠵᠦ᠂  4 ᠪᠠᠶᠢᠴᠠᠭᠠᠬᠤ ᠳᠤᠭᠤᠶᠢᠯᠠᠩ ᠨᠢ ᠲᠤᠰ ᠲᠤᠰ ᠤᠨ ᠪᠠᠶᠢᠴᠠᠭᠠᠬᠤ ᠨᠢᠬᠡᠴᠡ ᠤᠳ ᠲᠤ ᠬᠦᠨᠵᠡᠬᠡᠶᠢᠷᠡᠵᠦ ᠳᠠᠶᠢᠴᠢᠯᠠᠯᠲᠠ ᠶᠢᠨ ᠬᠤᠷᠠᠯ ᠬᠢᠵᠡᠢ᠃ ᠬᠤᠷᠠᠯ ᠲᠡᠭᠡᠷ᠎ᠡ᠂ ᠡᠯ᠎ᠡ ᠳᠤᠭᠤᠶᠢᠯᠠᠩ ᠤᠨ ᠳᠠᠷᠤᠭ᠎ᠠ  ᠎ ᠠᠴᠠ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠲᠤᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠲᠤᠬᠠᠶ ᠱᠠᠭᠠᠷᠳᠠᠯᠭ᠎ᠠ ᠲᠤᠷᠠᠳᠤᠭᠰᠠᠨ ᠪᠦᠭᠡᠳ ᠪᠠᠶᠢᠴᠠᠭᠠᠭᠳᠠᠬᠤ ᠨᠢᠬᠡᠴᠡ ᠤᠳ ᠎ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ ᠠᠴᠠ ᠣᠪᠣᠷ ᠢᠶᠠᠨ ᠢᠯᠡᠳᠬᠡᠬᠦ ᠦᠬᠡ ᠬᠡᠯᠡᠭᠰᠡᠨ ᠪᠠᠶᠢᠨ᠎ᠠ᠃ ᠬᠤᠷᠠᠯ ᠠᠴᠠ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾᠎ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠭᠤᠣᠯᠳᠠᠯᠭ᠎ᠠ ᠲᠠᠢ ᠡᠭᠦᠷᠭᠡ ᠶᠢ ᠣᠨᠣᠪᠴᠢᠲᠠᠢ ᠤᠢᠢᠯᠠᠭᠠᠨ ᠡᠵᠡᠮᠰᠢᠬᠦ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠯᠲᠠ ᠬᠢᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠷ᠎ᠡ ᠪᠦᠲᠦᠮᠵᠢ ᠨᠠᠶᠢᠳᠠᠪᠤᠷᠢᠵᠢᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ᠂ ᠬᠤᠰᠢᠭᠤ ᠨᠠᠮ ᠤᠨ ᠬᠤᠷᠢᠶᠠᠨ ᠤ ᠭᠤᠣᠯ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠬᠤᠶᠠᠷ ᠶᠡᠭᠡ ᠶᠠᠪᠤᠳᠠᠯ ᠢ ᠬᠦᠴᠦᠨ ᠢᠶᠠᠨ ᠲᠦᠪᠯᠡᠷᠡᠬᠦᠯᠦᠨ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾᠎ ᠢ ᠤᠷᠤᠭᠰᠢᠳᠠᠢ ᠠᠬᠢᠭᠤᠯᠬᠤ ᠶᠢᠨ ᠪᠣᠳᠠᠲᠠᠢ ᠢᠯᠡᠷᠡᠯ  ᠂ ᠴᠢᠩᠭ᠎ᠠ ᠪᠠᠶᠢᠬᠤ ᠦᠨᠳᠦᠰᠦᠨ ᠠᠶᠢᠵᠠᠮ ᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠪᠠᠶᠢᠴᠠᠭᠠᠭᠳᠠᠬᠤ ᠨᠢᠬᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠲᠤᠭᠤᠷᠢᠨ ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠢᠨᠠᠯᠲᠠ ᠬᠦᠯᠢᠶᠡᠬᠦ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ ᠬᠡᠵᠦ ᠱᠠᠭᠠᠷᠳᠠᠪᠠ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠨᠠᠮ ᠤᠨ ᠲᠥᠪ ᠬᠤᠷᠢᠶᠠᠨ ᠤ ᠡᠯ᠎ᠡ ᠲᠦᠷᠦᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠵᠢᠴᠢ ᠤᠯᠠᠨ ᠲᠦᠮᠡᠨ ᠤ ᠰᠠᠨᠠᠯ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠤᠷᠢᠨ ᠪᠠᠶᠢᠴᠠᠭᠠᠵᠤ ᠬᠢᠨᠠᠨ ᠪᠤᠳᠤᠬᠤ ᠵᠡᠷᠭᠡ ᠬᠢᠨᠠᠯᠲᠠ ᠲᠠᠯᠪᠢᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠬᠦᠴᠦ ᠲᠠᠯᠪᠢᠵᠤ ᠢᠯᠡᠷᠡᠬᠦᠯᠬᠦ ᠶᠢᠨ ᠬᠠᠮᠳᠤ ᠰᠢᠢᠳᠪᠦᠷᠢᠯᠡᠬᠦ ᠪᠤᠯᠤᠨ᠎ᠠ᠃  ᠪᠠᠶᠢᠴᠠᠭᠠᠭᠳᠠᠬᠤ ᠨᠢᠬᠡᠴᠡ ᠎ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠨᠠᠷ ᠠᠴᠠ ᠣᠪᠣᠷ ᠢᠶᠠᠨ ᠢᠯᠡᠳᠬᠡᠬᠦ ᠳᠡᠭᠡᠨ  ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠭᠡᠨ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠵᠦ᠂  ᠪᠠᠶᠢᠳᠠᠯ ᠢ ᠦᠨᠡᠨ ᠪᠣᠳᠠᠲᠠᠢ ᠪᠠᠷ ᠬᠠᠩᠭᠠᠨ᠂ ᠠᠰᠠᠭᠤᠳᠠᠯ ᠢ ᠦᠨᠡᠨ ᠮᠦᠨ ᠢᠶᠠᠷ ᠲᠤᠰᠬᠠᠵᠤ᠂ ᠲᠣᠭᠤᠷᠢᠨ ᠪᠠᠶᠢᠴᠠᠭᠠᠬᠤ ᠠᠵᠢᠯ ᠳᠤ ᠢᠳᠡᠪᠬᠢᠳᠡᠢ ᠬᠠᠮᠵᠢᠯᠴᠠᠨ᠂ ᠲᠤᠭᠤᠷᠢᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠳᠤᠯᠠᠨ᠎ᠠ ᠭᠡᠵᠦ ᠢᠯᠡᠷᠭᠡᠶᠢᠯᠡᠵᠡᠬᠡᠪᠡ᠃  ᠣᠶᠢᠯᠠᠭᠠᠭᠰᠠᠨ ᠢᠶᠠᠷ᠂  ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠴᠠᠭ ᠨᠢ 45 ᠡᠳᠦᠷ ᠣᠷᠴᠢᠮ ᠪᠠᠶᠢᠵᠤ᠂  ᠭᠤᠤᠯᠳᠠᠭᠤ ᠪᠠᠶᠢᠴᠠᠭᠠᠭᠳᠠᠬᠤ ᠨᠢᠬᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ  ᠪᠠ ᠲᠡᠭᠦᠨ ᠤ ᠭᠡᠰᠢᠬᠦᠳ᠂ ᠳᠣᠤᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ ᠪᠠ ᠴᠢᠬᠤᠯᠠ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠰᠠᠨᠠᠯ ᠲᠤᠰᠬᠠᠯ ᠢ ᠭᠥᠯᠢᠶᠡᠨ ᠠᠪᠴᠤ  ᠰᠢᠢᠳᠪᠦᠷᠢᠯᠡᠬᠦ ᠪᠠᠷ ᠪᠠᠶᠢᠨ᠎ᠠ᠃ ᠭᠥᠯᠢᠶᠡᠨ ᠠᠪᠬᠤ ᠴᠠᠭ ᠨᠢ 2024 ᠣᠨ ᠤ 12 ᠰᠠᠷ᠎ᠠ ᠶᠢᠨ 8᠎ ᠤ ᠡᠳᠦᠷ ᠬᠦᠷᠦᠨ᠎ᠡ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号