ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠢᠨ ᠯᠦᠸᠧ ᠲᠦᠸᠧ ᠱᠠᠨ ᠪᠠᠯᠭᠠᠰᠤᠨ ᠳᠤ ᠪᠠᠶᠢᠴᠠᠭᠠᠨ ᠰᠤᠳᠤᠯᠤᠯᠳᠠ ᠬᠢᠭᠰᠡᠨ
ᠨᠡᠶᠢᠲᠡᠯᠡᠭᠰᠡᠨ ᠴᠠᠭ᠄
2024/11/6
 11 ᠰᠠᠷ᠎ᠠ ᠶᠢᠨ 4᠎ ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠢᠦᠶ ᠴᠧᠩ ᠭᠦᠸᠧ ᠵᠡᠷᠭᠡ ᠬᠦᠮᠦᠰ ᠯᠦᠸᠧ ᠲᠦᠸᠧ ᠱᠠᠨ ᠪᠠᠯᠭᠠᠰᠤᠨ ᠳᠤ ᠬᠦᠨᠵᠡᠬᠡᠶᠢᠷᠡᠵᠦ᠂ ᠲᠠᠷᠢᠶᠠᠯᠠᠬᠤ ᠣᠷᠣᠨ ᠤ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠠᠢ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠪᠠᠶᠢᠴᠠᠭᠠᠨ ᠰᠤᠳᠤᠯᠬᠤ ᠪᠦᠯᠬᠦᠮ ᠤᠨ ᠬᠢᠨ ᠤᠷᠢᠳ ᠬᠤᠵᠢᠳ ᠾᠸᠢ ᠴᠢᠦᠶ ᠱᠠᠨ ᠲᠣᠰᠬᠤᠨ᠂ ᠴᠢᠯᠠᠭᠤᠨ ᠤᠰᠤ ᠲᠣᠰᠬᠤᠨ᠂ ᠰᠧ ᠵᠢᠶᠤᠤ ᠲᠠᠨ ᠲᠣᠰᠬᠤᠨ ᠳᠤ ᠬᠦᠷᠴᠦ᠂ ᠲᠣᠰᠬᠤᠨ ᠤ ᠺᠠᠳ᠋ᠷ ᠪᠣᠯᠤᠨ ᠲᠡᠵᠢᠭᠡᠨ ᠦᠷᠡᠵᠢᠭᠦᠯᠬᠦ ᠡᠷᠦᠬᠡ ᠲᠠᠢ ᠰᠠᠨᠠᠯ ᠢᠶᠠᠨ ᠰᠤᠯᠢᠯᠴᠠᠨ᠂ ᠮᠠᠯ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠪᠣᠯᠤᠨ ᠰᠠᠨᠠᠯ ᠰᠠᠨᠠᠭᠤᠯᠭ᠎ᠠ ᠶᠢ ᠰᠣᠨᠣᠰᠴᠤ᠂ ᠲᠡᠵᠢᠭᠡᠨ ᠦᠷᠡᠵᠢᠭᠦᠯᠬᠦ ᠬᠡᠪᠴᠢᠶ᠎ᠡ᠂ ᠡᠭᠦᠯᠳᠡᠷ ᠰᠠᠶᠢᠵᠢᠷᠠᠭᠤᠯᠤᠯᠳᠠ᠂ ᠲᠡᠵᠢᠭᠡᠯ ᠪᠣᠷᠳᠣᠭᠠᠨ ᠤ ᠬᠠᠩᠭᠠᠯᠭ᠎ᠠ᠂  ᠡᠪᠡᠳᠴᠢᠨ ᠬᠢᠵᠢᠭ ᠤᠨ ᠰᠡᠷᠭᠡᠶᠢᠯᠡᠯᠳᠡ᠂ ᠮᠠᠯ ᠤᠨ ᠵᠠᠷᠤᠴᠠᠭᠤᠯᠤᠯᠳᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠨᠢᠮᠪᠠᠢ ᠯᠠᠪᠯᠠᠨ ᠤᠶᠢᠯᠠᠭᠠᠭᠰᠠᠨ ᠪᠠᠶᠢᠨ᠎ᠠ᠃ ᠢᠦᠶ ᠴᠧᠩ ᠭᠦᠸᠧ ᠴᠢᠬᠤᠯᠠᠴᠢᠯᠠᠬᠤ ᠎ ᠳᠠᠭᠠᠨ᠂ ᠲᠠᠷᠢᠶᠠᠴᠢᠨ ᠡᠷᠦᠬᠡ ᠶᠢᠨ ᠡᠪᠦᠯ ᠤᠨ ᠤᠯᠠᠷᠢᠯ ᠤᠨ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠵᠢᠯ ᠤᠨ ᠵᠢᠯᠣᠭᠤᠳᠣᠯᠭ᠎ᠠ ᠶᠢ ᠰᠠᠶᠢᠨ ᠬᠢᠵᠦ᠂ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠲᠠᠷᠢᠶᠠᠴᠢᠳ ᠢ ᠵᠢᠯᠤᠭᠤᠳᠤᠨ ᠵᠤᠷᠢᠬᠵᠢᠭᠤᠯᠵᠤ ᠪᠠᠶᠢᠭᠠᠳ ᠵᠠᠷᠤᠴᠠᠭᠤᠯᠬᠤ ᠮᠠᠯ᠂ ᠡᠪᠦᠯᠵᠢᠬᠦ ᠮᠠᠯ  ᠎ ᠢ ᠵᠦᠶ ᠵᠣᠬᠢᠰᠲᠠᠶ ᠲᠣᠬᠢᠷᠠᠭᠤᠯᠵᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠲᠦᠷᠢᠮ ᠢ ᠴᠢᠩᠭ᠎ᠠ ᠭᠡᠷᠡᠭᠵᠢᠬᠦᠯᠦᠨ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠮᠠᠯ ᠰᠦᠷᠦᠭ ᠤᠨ ᠪᠦᠲᠦᠴᠡ ᠶᠢ ᠳᠣᠭᠢᠷᠠᠭᠤᠯᠵᠤ᠂ ᠡᠨᠡ ᠡᠪᠦᠯ ᠢᠷᠡᠬᠦ ᠬᠠᠪᠤᠷ ᠤᠨ ᠡᠪᠡᠰᠦ ᠪᠤᠷᠳᠤᠭ᠎ᠠ ᠨᠥᠭᠡᠴᠡᠯᠡᠬᠦ ᠠᠵᠢᠯ ᠢ ᠤᠯᠠᠮ ᠰᠠᠶᠢᠨ ᠬᠢᠵᠦ᠂ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠶ ᠬᠡᠵᠡᠢ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号