ᠴᠢᠶᠠᠨ ᠶᠢᠨ ᠭᠸᠦ ᠪᠠᠯᠭᠠᠰᠤ ᠠᠮᠤᠷ ᠠᠮᠤᠭᠤᠯᠠᠩ ᠤᠨ ᠪᠠᠶᠢᠭᠤᠯᠤᠯᠲᠠ  ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/6
  ᠠᠮᠤᠷ ᠠᠮᠤᠭᠤᠯᠠᠩ ᠤᠨ ᠪᠠᠶᠢᠭᠤᠯᠤᠯᠲᠠ ᠶᠢ ᠴᠢᠩᠭᠠᠳᠬᠠᠨ᠂ ᠠᠮᠢᠨ ᠬᠡᠷᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠨᠡᠶᠢᠭᠡᠮ ᠤᠨ ᠠᠮᠤᠷ ᠲᠣᠭᠲᠠᠭᠤᠨ ᠢ ᠪᠥᠬᠦ ᠬᠦᠴᠦᠨ ᠢᠶᠠᠷ ᠬᠠᠮᠠᠭᠠᠯᠠᠬᠤ ᠶᠢᠨ ᠲᠦᠯᠦᠭᠡ᠂ 11 ᠰᠠᠷ᠎ᠠ ᠶᠢᠨ 5᠎ ᠤ ᠡᠳᠦᠷ᠂ ᠴᠢᠶᠠᠨ ᠶᠢᠨ ᠭᠸᠦ ᠪᠠᠯᠭᠠᠰᠤ ᠠᠮᠤᠷ ᠠᠮᠤᠭᠤᠯᠠᠩ ᠤᠨ ᠪᠠᠶᠢᠭᠤᠯᠤᠯᠲᠠ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠪᠠ᠃ ᠨᠠᠮ ᠤᠨ ᠬᠤᠷᠢᠶᠠᠨ ᠤ ᠳᠡᠳ᠋ ᠱᠦᠵᠢ ᠵᠠᠩ ᠵᠢᠶᠠᠨ ᠬᠤᠩ ᠬᠤᠷᠠᠯ ᠢ ᠡᠷᠭᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠲᠠᠩᠰᠠ ᠮᠡᠳᠡᠭᠦᠯᠦᠭᠴᠢ ᠵᠢᠴᠢ ᠪᠠᠯᠭᠠᠰᠤᠨ ᠤ ᠺᠠᠳ᠋ᠷ ᠠᠵᠢᠯᠲᠠᠨ ᠬᠤᠷᠠᠯ ᠳᠤ ᠤᠷᠤᠯᠴᠠᠵᠠᠢ᠃ ᠬᠤᠷᠠᠯ ᠠᠴᠠ᠂ ᠨᠢᠭᠡ ᠳᠤ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠵᠥᠷᠢᠴᠡᠯ ᠵᠢᠭᠤᠷᠠᠭᠠᠨ ᠢ ᠦᠨᠳᠦᠰᠦᠨ ᠱᠠᠲᠤᠨ ᠳᠤ ᠠᠷᠢᠯᠭᠠᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠬᠡᠷᠡᠭᠲᠡᠢ᠃ ᠦᠨᠳᠦᠰᠦᠨ ᠱᠠᠲᠤᠨ ᠤ ᠵᠠᠰᠠᠯᠲᠠ ᠶᠢᠨ ᠲᠣᠭᠤᠷᠢᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠪᠠ ᠭᠡᠮ ᠰᠤᠭᠤᠭ ᠢ ᠪᠠᠶᠢᠴᠠᠭᠠᠨ ᠠᠷᠢᠯᠭᠠᠬᠤ ᠠᠵᠢᠯ ᠢ ᠰᠠᠶᠢᠲᠤᠷ ᠬᠢᠵᠦ᠂ ᠵᠥᠷᠢᠴᠡᠯ ᠵᠢᠭᠤᠷᠠᠭᠠᠨ ᠢ ᠰᠡᠷᠭᠡᠶᠢᠯᠡᠨ ᠠᠷᠢᠯᠭᠠᠬᠤ ᠬᠠᠤᠯᠢ ᠳᠦᠷᠢᠮᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠭᠡᠷᠡᠭᠳᠡᠢ᠃ ᠬᠤᠶᠠᠷ ᠲᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠲᠦᠷᠢᠮᠵᠢᠵᠦ ᠪᠠᠶᠢᠩᠭᠤᠵᠢᠬᠤ ᠶᠢ ᠠᠬᠢᠭᠤᠯᠬᠤ ᠭᠡᠷᠡᠭᠳᠡᠢ᠃ ᠡᠬᠢ ᠡᠭᠦᠰᠦᠯ ᠠᠴᠠ ᠨᠢ ᠵᠠᠰᠠᠬᠤ᠂ ᠴᠣᠬᠢᠯᠲᠠ ᠥᠭᠬᠦ ᠪᠠ  ᠤᠷᠢᠳᠴᠢᠯᠠᠨ ᠰᠡᠷᠭᠡᠶᠢᠯᠡᠬᠦ ᠶᠢ ᠵᠡᠷᠭᠡ ᠪᠠᠷ ᠠᠳᠬᠤᠬᠤ ᠶᠢ ᠪᠠᠷᠢᠮᠳᠠᠯᠠᠨ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠭᠤᠣᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠠᠷᠠᠳ ᠤᠯᠠᠨ ᠤ ᠬᠠᠤᠯᠢ ᠴᠠᠭᠠᠵᠠ ᠶᠢᠨ ᠤᠬᠠᠮᠰᠠᠷ ᠢ ᠲᠡᠭᠡᠭᠰᠢᠯᠡᠬᠦᠯᠦᠨ᠂ ᠠᠮᠢᠨ ᠬᠡᠷᠡᠭ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠭᠤᠷᠪᠠ ᠳᠤ ᠭᠠᠵᠢᠭᠤ ᠨᠣᠮᠯᠠᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠦᠷᠬᠦᠯᠵᠢᠯᠡᠨ ᠦᠷᠨᠢᠬᠦᠯᠬᠦ ᠭᠡᠷᠡᠭᠳᠡᠢ᠃ ︽ᠭᠠᠵᠢᠭᠤ ᠨᠣᠮᠯᠠᠯ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ︾᠎ ᠶᠢᠨ ᠭᠤᠤᠯ ᠰᠡᠳᠦᠪᠲᠦ ᠠᠵᠢᠯᠯᠠᠭ᠎ᠠ ᠲᠠᠢ ᠤᠶᠠᠯᠳᠤᠭᠤᠯᠤᠨ᠂ ᠠᠮᠠᠷᠬᠠᠨ ᠬᠠᠯᠳᠠᠪᠤᠷᠢᠯᠠᠭᠰᠠᠳ ᠲᠤ ᠰᠡᠷᠡᠮᠵᠢᠯᠡᠭᠦᠯᠬᠦ ᠴᠢᠨᠠᠷᠳᠠᠢ ᠤᠬᠠᠭᠤᠯᠭ᠎ᠠ ᠬᠥᠮᠦᠵᠢᠯ ᠬᠢᠬᠦ ᠎ ᠪᠠᠨ ᠴᠢᠩᠭᠠᠳᠬᠠᠵᠤ᠂ ᠬᠥᠮᠦᠨ ᠪᠦᠬᠦᠨ ᠭᠠᠵᠢᠭᠤ ᠨᠣᠮᠯᠠᠯ ᠢ ᠡᠰᠡᠷᠭᠦᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠲᠦᠷᠪᠡ ᠳᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠰᠦᠯᠵᠢᠶ᠎ᠡ ᠬᠤᠯᠪᠤᠭᠠᠨ ᠤ ᠮᠡᠬᠡᠯᠡᠯ ᠠᠴᠠ ᠰᠡᠷᠭᠡᠶᠢᠯᠡᠬᠦ ᠤᠬᠠᠭᠤᠯᠭ᠎ᠠ ᠶᠢᠨ  ᠠᠵᠢᠯ ᠢ ᠴᠢᠩᠭᠠᠳᠬᠠᠨ᠂ ᠠᠷᠠᠳ ᠤᠯᠠᠨ ᠤ ︽ᠵᠣᠭᠤᠰᠣᠨ ᠴᠦᠩᠬᠦ︾᠎ ᠶᠢ ᠰᠠᠶᠢᠲᠤᠷ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ  ᠴᠤᠭᠴᠠᠯᠠᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ  ᠂
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号