ᠲᠠᠶᠢᠹᠤᠰᠧ ᠬᠤᠰᠢᠭᠤᠨ ᠤ ᠲᠤᠰ ᠲᠤᠰᠬᠤᠨ ᠨᠢ ᠪᠠᠷᠢᠮᠵᠢᠶᠠᠳᠤ ᠠᠮᠤ ᠪᠤᠲᠠᠭᠠᠨ ᠤ ᠬᠦᠮᠦᠷᠭᠡ ᠪᠠ ᠭᠤᠯᠢᠷ ᠤᠨ ᠦᠢᠯᠡᠳᠪᠤᠷᠢ ᠲᠠᠢ ᠪᠤᠯᠤᠯ᠎ᠠ
ᠨᠡᠶᠢᠲᠡᠯᠡᠭᠰᠡᠨ ᠴᠠᠭ᠄
2024/11/6
  ᠶᠦᠩ ᠶᠤᠸᠠᠢ ᠲᠤᠰᠬᠤᠨ ᠨᠢ ᠲᠠᠶᠢᠹᠤᠰᠧ ᠬᠤᠰᠢᠭᠤᠨ ᠤ ᠪᠠᠷᠠᠭᠤᠨ ᠡᠮᠦᠨ᠎ᠡ ᠪᠡᠶ᠎ᠡ᠂ ᠰᠢᠩ ᠹᠦ᠋ ᠰᠢᠶᠠᠩ ᠤᠨ  ᠢᠶᠠᠨ ᠬᠤᠶᠢᠳᠤ ᠭᠡᠰᠡᠭ ᠲᠤ ᠪᠠᠶᠢᠷᠢᠯᠠᠵᠤ᠂ ᠾᠧᠪᠸᠢ ᠮᠤᠵᠢ ᠶᠢᠨ ᠺᠠᠩ ᠪᠤᠤ ᠰᠢᠶᠠᠨ ᠲᠠᠢ ᠬᠦᠷᠰᠢᠯᠡᠨ᠂  ︽207︾ ᠤᠯᠤᠰ ᠤᠨ ᠵᠠᠮ ᠠᠴᠠ ᠤᠶᠢᠷᠠᠬᠠᠨ ᠪᠦᠭᠡᠳ  ︽X516︾ ᠪᠤᠤ ᠴᠢ ᠵᠠᠮ ᠲᠤᠰ ᠲᠤᠰᠬᠤᠨ ᠢᠶᠠᠷ ᠦᠩᠭᠡᠷᠡᠭᠡᠳ ᠵᠠᠮ ᠬᠠᠷᠢᠯᠴᠠᠭ᠎ᠠ ᠳᠥᠭᠦᠮ᠂ ᠠᠭᠤᠷ ᠠᠮᠢᠰᠬᠤᠯ ᠨᠢ ᠲᠠᠭᠠᠯᠠᠮᠵᠢᠲᠠᠢ  ᠪᠠᠶᠢᠵᠤ᠂ ᠲᠠᠷᠢᠮᠠᠯ ᠤᠨ ᠦᠢᠯᠡᠰ ᠨᠢ ᠬᠥᠭᠵᠢᠭᠰᠡᠨ ᠪᠠᠶᠢᠳᠠᠭ᠃  ᠰᠢᠩ ᠹᠦ᠋ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ  ᠲᠡᠭᠡᠳᠦ ᠱᠠᠳᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠦᠴᠦᠲᠡᠢ ᠳᠡᠮᠵᠢᠯᠭᠡ ᠳᠣᠣᠷ᠎ᠠ᠂ ᠲᠤᠰ ᠲᠤᠰᠬᠤᠨ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠦᠷᠦ ᠶᠢᠨ ᠪᠤᠳᠤᠯᠭ᠎ᠠ ᠳᠤ ᠲᠦᠰᠢᠭᠯᠡᠨ᠂ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ 2024 ᠣᠨ ᠳᠤ ᠪᠠᠷᠢᠮᠵᠢᠶᠠᠳᠤ ᠭᠤᠯᠢᠷ ᠤᠨ ᠦᠢᠯᠡᠳᠪᠦᠷᠢ ᠪᠠ ᠠᠮᠤ ᠪᠤᠳᠠᠭᠠᠨ ᠤ ᠬᠥᠮᠥᠷᠭᠡ ᠶᠢ ᠲᠤᠰᠪᠤᠷᠢ ᠪᠠᠶᠢᠭᠤᠯᠤᠭᠰᠠᠨ ᠪᠠᠶᠢᠨ᠎ᠠ᠃ ᠶᠦᠩ ᠶᠤᠸᠠᠢ ᠲᠣᠰᠬᠤᠨ ᠤ ᠭᠤᠯᠢᠷ ᠤᠨ ᠦᠢᠯᠡᠳᠪᠦᠷᠢ ᠨᠢ ᠪᠦᠷᠢᠨ ᠲᠡᠭᠦᠯᠳᠡᠷ ᠦᠢᠯᠡᠳᠪᠦᠷᠢᠯᠡᠯ ᠤᠨ ᠴᠢᠳᠠᠮᠵᠢ ᠲᠠᠢ᠂ ᠴᠣ ᠰᠢᠨ᠎ᠡ ᠦᠢᠯᠡᠳᠪᠦᠷᠢᠯᠡᠯ ᠤᠨ ᠲᠥᠬᠦᠭᠡᠷᠦᠮᠵᠢ ᠲᠠᠢ ᠪᠠᠶᠢᠵᠤ᠂ 5 ᠵᠢᠩ ᠪᠠ 10 ᠵᠢᠩ ᠤᠨ ᠤᠭᠤᠲᠠ ᠲᠠᠢ ᠭᠤᠯᠢᠷ ᠦᠢᠯᠡᠳᠪᠦᠷᠢᠯᠡᠵᠦ ᠪᠠᠶᠢᠳᠠᠭ᠃ ᠠᠮᠤ ᠪᠤᠳᠠᠭᠠᠨ ᠤ ᠬᠥᠮᠥᠷᠭᠡ ᠨᠢ ᠴᠤ ᠲᠥᠬᠦᠭᠡᠷᠦᠮᠵᠢ ᠪᠦᠷᠢᠨ ᠪᠠᠶᠢᠵᠤ᠂ ᠳᠤᠯᠠᠭᠠᠨ ᠢ ᠡᠵᠡᠮᠳᠡᠬᠦ᠂ ᠴᠢᠭᠢᠭ ᠢ ᠡᠵᠡᠮᠳᠡᠬᠦ᠂ ᠦᠶᠡᠷ ᠢ ᠵᠠᠯᠠᠬᠤ ᠴᠢᠳᠠᠮᠵᠢ ᠶᠢ ᠪᠦᠷᠢᠯᠳᠦᠭᠦᠯᠵᠦ᠂ 5000 ᠲᠣᠨ ᠠᠮᠤ ᠪᠤᠳᠠᠭ᠎ᠠ ᠬᠠᠳᠠᠭᠠᠯᠠᠵᠤ ᠲᠡᠶᠢᠯᠳᠡᠭ᠃ ᠭᠤᠯᠢᠷ ᠤᠨ ᠦᠢᠯᠡᠳᠪᠦᠷᠢ ᠪᠠ ᠠᠮᠤ ᠪᠤᠳᠠᠭᠠᠨ ᠤ ᠬᠥᠮᠥᠷᠭᠡ ᠨᠢ  ᠲᠣᠰᠬᠤᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠠ ︵ᠲᠣᠰᠬᠤᠨ ᠤ ᠬᠠᠮᠲᠤ ᠶᠢᠨ︶ ᠳᠤ ᠥᠮᠴᠢᠯᠡᠭᠳᠡᠵᠦ᠂ ᠣᠲᠣ ᠲᠦᠷᠢᠶᠡᠰᠦᠯᠡᠨ ᠡᠵᠡᠩᠨᠡᠬᠦ ᠬᠡᠯᠪᠡᠷᠢ ᠪᠠᠷ ᠨᠡᠶᠢᠭᠡᠮ ᠤᠨ ᠡᠯ᠎ᠡ ᠡᠲᠡᠭᠡᠳ ᠲᠤ ᠬᠠᠨᠳᠤᠵᠤ᠂ ᠡᠬᠦᠪᠡᠷ ᠲᠣᠰᠬᠤᠨ ᠤ ᠬᠠᠮᠲᠤ ᠶᠢᠨ ᠠᠵᠤ ᠠᠬᠤᠶ ᠶᠢᠨ ᠠᠰᠢᠭ ᠤᠷᠤᠯᠭ᠎ᠠ ᠶᠢ ᠨᠡᠮᠡᠭᠳᠡᠬᠦᠯᠦᠨ᠂ ᠡᠷᠬᠢᠨ ᠲᠣᠭᠤᠷᠢᠨ ᠤ ᠲᠠᠷᠢᠮᠠᠯ ᠤᠨ ᠦᠢᠯᠡᠰ ᠤᠨ ᠬᠥᠭᠵᠢᠯᠲᠡ ᠶᠢ ᠲᠠᠶᠢᠴᠢᠯᠠᠵᠤ ᠪᠤᠢ᠃ ᠡᠨᠡ   ᠨᠢ ᠲᠣᠰᠬᠤᠨ ᠤ ᠠᠷᠠᠳ ᠪᠠ ᠤᠶᠢᠷ᠎ᠠ ᠬᠠᠪᠢ ᠶᠢᠨ ᠠᠶᠢᠯ ᠲᠣᠰᠬᠤᠨ ᠤ ᠬᠥᠳᠡᠯᠮᠦᠷᠢ ᠬᠦᠴᠦᠨ ᠳᠤ ᠠᠵᠢᠯ ᠣᠯᠭᠤᠵᠤ᠂ ᠮᠠᠯᠴᠢᠨ ᠲᠠᠷᠢᠶᠠᠴᠢᠨ ᠤ ᠣᠷᠣᠯᠭ᠎ᠠ  ᠶᠢᠨ ᠨᠡᠮᠡᠭᠳᠡᠯ ᠢ ᠠᠬᠢᠭᠤᠯᠬᠤ ᠶᠢᠨ ᠬᠠᠮᠳᠤ᠂ ᠲᠠᠷᠢᠮᠠᠯ ᠤᠨ ᠲᠣᠮᠣ ᠡᠷᠦᠬᠡ ᠶᠢ ᠬᠠᠪᠰᠤᠷᠤᠨ ᠠᠮᠤ ᠪᠤᠳᠠᠭ᠎ᠠ ᠬᠠᠳᠠᠭᠠᠯᠠᠬᠤ ᠪᠠ ᠦᠢᠯᠡᠳᠪᠦᠷᠢᠯᠡᠬᠦ ᠠᠰᠠᠭᠤᠳᠠᠯ ᠢ ᠨᠢ ᠰᠢᠢᠳᠪᠦᠷᠢᠯᠡᠵᠡᠢ᠃ ᠡᠭᠦᠨ ᠤ ᠬᠠᠮᠲᠤ᠂  ᠳᠠᠷᠢᠬᠤ᠂ ᠦᠢᠯᠡᠳᠪᠦᠷᠢᠯᠡᠬᠦ᠂ ᠡᠳ᠋ᠰᠢᠭᠦᠯᠬᠦ᠂ ᠬᠠᠳᠠᠭᠠᠯᠠᠬᠤ ᠵᠡᠷᠭᠡ ᠶᠢ ᠨᠢᠭᠡ ᠴᠤᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠲᠤᠬᠠᠶ ᠶᠢᠨ ᠭᠠᠵᠠᠷ ᠤᠨ ᠲᠠᠷᠢᠶᠠᠯᠠᠩ ᠤᠨ ᠨᠠᠷᠠᠲᠤ ᠲᠡᠮᠳᠡᠭᠵᠢᠯᠲᠡ᠂ ᠠᠵᠤ ᠦᠶᠢᠯᠡᠰᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠨᠡᠮᠡᠭᠳᠡᠬᠦᠯᠬᠦ ᠳᠤ ᠨᠥᠬᠦᠴᠡᠯ ᠡᠬᠦᠳᠦᠭᠰᠡᠨ ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号