ᠲᠤᠭᠤᠷᠢᠨ ᠪᠠᠶᠢᠴᠠᠭᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2024/11/6
     ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠢ ᠦᠨᠳᠦᠰᠦᠯᠡᠨ  ᠬᠤᠰᠢᠭᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 2024 ᠣᠨ ᠤ 11 ᠰᠠᠷ᠎ᠠ ᠶᠢᠨ 4 ᠤ ᠡᠳᠦᠷ ᠠᠴᠠ 12 ᠰᠠᠷ᠎ᠠ ᠶᠢᠨ 15 ᠤ ᠡᠳᠦᠷ ᠬᠦᠷᠳᠡᠯ᠎ᠡ ᠬᠤᠰᠢᠭᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠭᠡᠪ ᠤᠨ ᠪᠠᠶᠢᠳᠠᠯ ᠤᠨ ᠲᠣᠭᠤᠷᠢᠨ ᠪᠠᠶᠢᠴᠠᠭᠠᠯᠲᠠ  ᠬᠢᠵᠦ᠂ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠳᠤ ᠭᠡᠪ ᠤᠨ ᠪᠠᠶᠢᠳᠠᠯ ᠤᠨ ᠲᠣᠭᠤᠷᠢᠨ ᠪᠠᠶᠢᠴᠠᠭᠠᠯᠲᠠ ᠬᠢᠵᠦ᠂  ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠭᠡᠪ ᠤᠨ ᠪᠠᠶᠢᠳᠠᠯ  ᠤᠨ ᠲᠣᠭᠤᠷᠢᠨ ᠪᠠᠶᠢᠴᠠᠭᠠᠯᠲᠠ ᠬᠢᠵᠦ᠂ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠨᠢᠭᠤᠴᠠ ᠶᠢ ᠬᠠᠮᠠᠭᠠᠯᠠᠬᠤ ᠪᠠ ᠨᠢᠭᠤᠴᠠ ᠴᠢᠬᠤᠯᠠ  ᠮᠠᠲ᠋ᠧᠷᠢᠶᠠᠯ ᠤᠨ ᠲᠣᠪᠴᠢᠶ᠎ᠠ᠂ ᠬᠠᠮᠲᠤᠷᠠᠯᠴᠠᠭ᠎ᠠ ᠰᠣᠯᠢᠯᠴᠠᠭᠠᠨ ᠤ ᠲᠥᠪ ᠲᠤ ᠭᠡᠪ ᠤᠨ ᠪᠠᠶᠢᠳᠠᠯ ᠤᠨ ᠲᠣᠭᠤᠷᠢᠨ ᠪᠠᠶᠢᠴᠠᠭᠠᠯᠲᠠ ᠬᠢᠬᠦ  ᠪᠠᠷ ᠲᠤᠭᠳᠠᠵᠠᠢ᠃    ᠲᠣᠭᠤᠷᠢᠨ ᠪᠠᠶᠢᠴᠠᠭᠠᠬᠤ ᠬᠤᠭᠤᠴᠠᠭᠠᠨ ᠳᠤ ᠨᠠᠮ ᠤᠨ ᠲᠥᠪ ᠬᠤᠷᠢᠶᠠᠨ ᠤ ᠡᠯ᠎ᠡ ᠲᠦᠷᠦᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠵᠢᠴᠢ ᠤᠯᠠᠨ ᠲᠦᠮᠡᠨ ᠤ ᠰᠠᠨᠠᠯ ᠲᠤᠰᠬᠠᠯ ᠶᠡᠭᠡ ᠪᠠᠶᠢᠭ᠎ᠠ ᠠᠰᠠᠭᠤᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠪᠣᠯᠤᠨ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠵᠢᠴᠢ ᠲᠣᠭᠤᠷᠢᠨ ᠪᠠᠶᠢᠴᠠᠭᠠᠵᠤ ᠬᠢᠨᠠᠨ ᠪᠤᠳᠤᠬᠤ ᠵᠡᠷᠭᠡ ᠬᠢᠨᠠᠯᠲᠠ ᠶᠠᠪᠤᠬᠤ ᠠᠵᠢᠯ ᠤᠨ ᠲᠤᠮᠳᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠳᠤ ᠠᠩᠬᠠᠷᠤᠯ ᠢᠶᠠᠨ ᠲᠦᠪᠯᠡᠷᠡᠬᠦᠯᠵᠦ ᠬᠢᠨᠠᠯᠲᠠ ᠲᠠᠯᠪᠢᠨ᠎ᠠ᠃ ᠲᠣᠭᠤᠷᠢᠨ ᠪᠠᠶᠢᠴᠠᠭᠠᠬᠤ ᠳᠤᠭᠤᠶᠢᠯᠠᠩ  ᠨᠢ ᠭᠤᠣᠯᠳᠠᠭᠤ ᠳᠡᠭᠡᠷ᠎ᠡ ᠳᠤᠷᠠᠳᠤᠭᠰᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠪᠠ ᠤᠳᠤᠷᠢᠳᠬᠤ ᠪᠠᠭ ᠤᠨ ᠭᠡᠰᠢᠬᠦᠳ᠂ ᠲᠤᠤᠷᠠᠳᠤ ᠱᠠᠳᠤᠨ ᠤ ᠬᠢᠨᠢ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠤᠯ ᠬᠠᠷᠢᠭᠤᠴᠠᠯᠭᠠᠳᠠᠨ ᠪᠠ ᠴᠢᠬᠤᠯᠠ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠡᠬᠦ ᠳᠡᠭᠡᠨ᠂ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨᠴᠢ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠣᠯᠤᠨ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ   ᠢ ᠢᠯᠡᠴᠢᠯᠡᠨ ᠲᠤᠰᠬᠠᠬᠤ ᠪᠠᠷ ᠭᠤᠤᠯ ᠪᠤᠯᠭᠠᠨ᠎ᠠ᠃ ᠬᠦᠯᠢᠶᠡᠨ ᠠᠪᠬᠤ ᠬᠡᠪᠴᠢᠶᠡᠨ ᠳᠤ ᠦᠯᠦ ᠪᠠᠭᠲᠠᠬᠤ ᠪᠤᠰᠤᠳ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ  ᠰᠢᠢᠳᠪᠦᠷᠢᠯᠡᠭᠦᠯᠦᠨ᠎ᠡ᠃      ᠬᠦᠯᠢᠶᠡᠨ ᠠᠪᠬᠤ ᠭᠠᠵᠠᠷ ᠪᠠ ᠢᠯᠡᠴᠢᠯᠡᠨ ᠲᠤᠰᠬᠠᠬᠤ ᠠᠷᠭ᠎ᠠ᠄        ᠲᠦᠷᠪᠡᠨ ᠲᠤᠭᠤᠶᠢᠯᠠᠩ ᠤᠨ ᠬᠦᠯᠢᠶᠡᠨ ᠠᠪᠬᠤ ᠭᠠᠵᠠᠷ ᠨᠢ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠲᠠᠰᠤᠭ᠃     ᠬᠦᠯᠢᠶᠡᠨ ᠠᠪᠬᠤ ᠴᠠᠭ ᠨᠢ 11 ᠰᠠᠷ᠎ᠠ ᠶᠢᠨ 4 ᠤ ᠡᠳᠦᠷ ᠠᠴᠠ 12 ᠰᠠᠷ᠎ᠠ ᠶᠢᠨ 8 ᠤ ᠡᠳᠦᠷ ︵ᠦᠳᠡ ᠶᠢᠨ ᠡᠮᠦᠨ᠎ᠡ 8᠄ 30 - 12᠄ 00᠂ ᠦᠳᠡ ᠶᠢᠨ ᠬᠤᠶᠢᠨ᠎ᠠ 14᠄ 30 - 17᠄ 30︶᠃     ᠨᠢᠭᠡᠳᠦᠭᠡᠷ ᠳᠤᠭᠤᠶᠢᠯᠠᠩ ᠤᠨ ᠢᠮᠧᠯ᠄ tqdyxcz@163.com᠂  ᠤᠳᠠᠰᠤ᠄ 18047902352     ᠬᠤᠶᠠᠳᠤᠭᠠᠷ ᠳᠤᠭᠤᠶᠢᠯᠠᠩ ᠤᠨ ᠢᠮᠧᠯ᠄ tqdexcz@163.com᠂ ᠤᠳᠠᠰᠤ᠄ 18004792507     ᠭᠤᠷᠪᠠᠳᠤᠭᠠᠷ ᠳᠤᠭᠤᠶᠢᠯᠠᠩ ᠤᠨ ᠢᠮᠧᠯ᠄ tqdsxcz@163.com᠂ ᠤᠳᠠᠰᠤ᠄ 18004792097     ᠳᠥᠷᠪᠡᠳᠦᠭᠡᠷ  ᠳᠤᠭᠤᠶᠢᠯᠠᠩ ᠤᠨ ᠢᠮᠧᠯ᠄ tqd4xcz@163.com᠂ ᠤᠳᠠᠰᠤ᠄ 18047909062     ᠨᠢᠭᠡᠳᠦᠭᠡᠷ ᠳᠤᠭᠤᠶᠢᠯᠠᠩ ᠤᠨ ᠵᠠᠬᠢᠳᠠᠯ ᠤᠨ ᠬᠠᠶᠢᠷᠴᠠᠭ ᠄ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶᠠᠨ ᠤ ᠠᠯᠪᠠᠨ ᠠᠰᠠᠷ ᠤᠨ ᠡᠭᠦᠳᠡ  ᠂  ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠯᠪᠠᠨ ᠠᠰᠠᠷ ᠤᠨ ᠡᠬᠦᠳᠡ᠂  ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶᠠᠨ ᠤ ᠠᠯᠪᠠᠨ ᠠᠰᠠᠷ ᠤᠨ ᠵᠡᠭᠦᠨ ᠬᠡᠷᠡᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶᠠᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ᠃     ᠬᠤᠶᠠᠳᠤᠭᠠᠷ ᠳᠤᠭᠤᠶᠢᠯᠠᠩ ᠤᠨ ᠵᠠᠬᠢᠳᠠᠯ ᠤᠨ ᠬᠠᠶᠢᠷᠴᠠᠭ᠄ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶᠠᠨ ᠤ ᠠᠯᠪᠠᠨ ᠠᠰᠠᠷ ᠤᠨ ᠡᠭᠦᠳᠡ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠯᠪᠠᠨ ᠠᠰᠠᠷ ᠤᠨ  ᠡᠬᠦᠳᠡ᠂ ᠰᠣᠶᠣᠯ  ᠲᠠᠮᠢᠷ ᠤᠨ ᠲᠤᠪᠴᠢᠶᠠᠨ ᠤ ᠠᠯᠪᠠᠨ ᠠᠰᠠᠷ ᠤᠨ ᠮᠡᠳᠡᠭᠦᠯᠦᠯᠲᠡ ᠶᠢᠨ ᠲᠢᠩᠬᠢᠮ ᠤᠨ ᠡᠭᠦᠳᠡ᠃     ᠭᠤᠷᠪᠠᠳᠤᠭᠠᠷ ᠳᠤᠭᠤᠶᠢᠯᠠᠩ ᠤᠨ ᠵᠠᠬᠢᠳᠠᠯ ᠤᠨ ᠬᠠᠶᠢᠷᠴᠠᠭ᠄ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶᠠᠨ ᠤ ᠠᠯᠪᠠᠨ ᠠᠰᠠᠷ ᠤᠨ ᠡᠭᠦᠳᠡ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠯᠪᠠᠨ ᠠᠰᠠᠷ ᠤᠨ ᠡᠬᠦᠳᠡ᠃    ᠳᠥᠷᠪᠡᠳᠦᠭᠡᠷ ᠳᠤᠭᠤᠶᠢᠯᠠᠩ ᠤᠨ ᠵᠠᠬᠢᠳᠠᠯ ᠤᠨ ᠬᠠᠶᠢᠷᠴᠠᠭ᠄ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶᠠᠨ ᠤ ᠠᠯᠪᠠᠨ ᠠᠰᠠᠷ ᠤᠨ ᠡᠭᠦᠳᠡ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠯᠪᠠᠨ ᠠᠰᠠᠷ ᠤᠨ ᠡᠬᠦᠳᠡ᠃    ᠲᠤᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠭ᠎ᠠ  ᠬᠦᠯᠢᠶᠡᠨ ᠠᠪᠬᠤ ᠴᠠᠭ ᠨᠢ 2024 ᠣᠨ ᠤ 12 ᠰᠠᠷ᠎ᠠ ᠶᠢᠨ 8 ᠤ ᠡᠳᠦᠷ ᠬᠦᠷᠦᠨ᠎ᠡ᠃ ᠥᠷᠭᠡᠨ ᠤᠯᠠᠨ ᠺᠠᠳ᠋ᠷ ᠠᠵᠢᠯᠳᠠᠨ ᠪᠠ ᠠᠷᠠᠳ ᠢᠷᠭᠡᠳ ᠤᠨ  ᠦᠨᠡᠨ ᠪᠤᠳᠠᠳᠠᠢ ᠪᠠᠷ ᠪᠠᠶᠢᠳᠠᠯ ᠢ ᠲᠤᠰᠬᠠᠬᠤ ᠶᠢ ᠪᠠᠶᠠᠷᠯᠠᠨ ᠤᠭᠳᠤᠵᠤ  ᠪᠠᠶᠢᠨ᠎ᠠ᠃                                                          ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠯᠪᠠᠨ ᠭᠡᠷ                           2024 ᠣᠨ ᠤ 11 ᠰᠠᠷ᠎ᠠ ᠶᠢᠨ 4 ᠤ ᠡᠳᠦᠷ
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号