ᠲᠠᠶᠢᠹᠤᠰᠧ ᠬᠤᠰᠢᠭᠤ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/11/7
  ᠪᠥᠬᠦ ᠬᠤᠰᠢᠭᠤᠨ ᠤ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠦᠷᠢᠮᠵᠢᠵᠦ ᠪᠠᠷᠢᠮᠵᠢᠶᠠᠵᠢᠭᠰᠠᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠤ ᠣᠨᠣᠯ ᠤᠨ ᠬᠡᠪ ᠪᠣᠯᠪᠠᠰᠤᠷᠠᠯ ᠪᠠ ᠠᠵᠢᠯ ᠤᠨ ᠬᠢᠷᠢ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 6᠎ ᠤ ᠡᠳᠦᠷ ᠲᠠᠶᠢᠹᠤᠰᠧ ᠬᠤᠰᠢᠭᠤ ᠨᠢ ᠪᠥᠬᠦ ᠬᠤᠰᠢᠭᠤᠨ ᠤ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ  ᠡᠷᠭᠢᠯᠡᠪᠡ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠯᠢᠦ ᠶᠠ ᠱᠧᠩ ᠪᠣᠯᠪᠠᠰᠤᠷᠠᠯ ᠤᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠡᠨᠡ ᠤᠳᠠᠭᠠᠨ ᠤ ᠪᠣᠯᠪᠠᠰᠤᠷᠠᠯ ᠨᠢ ᠬᠠᠭᠠᠰ ᠡᠳᠦᠷ ᠶᠠᠪᠤᠭᠳᠠᠵᠤ᠂ ᠠᠶᠢᠮᠠᠭ ᠤᠨ ᠲᠠᠩᠰᠠ ᠡᠪᠬᠡᠮᠡᠯ ᠤᠨ ᠣᠷᠳᠣᠨ ᠤ ᠶᠡᠷᠦᠩᠬᠡᠶᠢᠯᠡᠭᠰᠡᠨ ᠠᠵᠢᠯ ᠢ ᠵᠢᠯᠣᠭᠤᠳᠬᠤ ᠰᠠᠯᠠᠭᠠᠨ ᠤ ᠳᠠᠷᠤᠭ᠎ᠠ ᠵᠠᠩ ᠮᠧᠩ ᠢ ᠤᠷᠢᠵᠤ ᠲᠤᠰᠬᠠᠶ  ᠰᠡᠳᠦᠪᠳᠦ ᠬᠢᠴᠢᠶᠡᠯ ᠲᠠᠶᠢᠯᠤᠮᠵᠢ ᠬᠢᠯᠭᠡᠭᠰᠡᠨ ᠪᠠᠶᠢᠨ᠎ᠠ  ᠃ ᠵᠠᠩ ᠮᠧᠩ ᠲᠦᠬᠦᠮ ᠣᠶᠢᠯᠠᠭᠠᠮᠵᠢᠲᠠᠶ ᠦᠭᠡ ᠬᠡᠯᠡᠯᠬᠡ ᠪᠠᠷ ᠪᠠᠶᠢᠭᠤᠯᠭ᠎ᠠ ᠶᠢᠨ ᠲᠠᠩᠰᠠ ᠡᠪᠬᠡᠮᠡᠯ ᠢ ᠲᠥᠷᠥᠯ ᠬᠤᠪᠢᠶᠠᠬᠤ  ᠂ ᠪᠢᠴᠢᠭ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ᠂ ᠲᠠᠩᠰᠠ ᠡᠪᠬᠡᠮᠡᠯ ᠢ ᠡᠮᠬᠢᠯᠡᠨ ᠲᠢᠭᠯᠡᠬᠦ ᠪᠠ ᠬᠠᠳᠠᠭᠠᠯᠠᠨ ᠬᠠᠮᠢᠶᠠᠷᠬᠤ ᠵᠡᠷᠭᠡ ᠲᠠᠯ᠎ᠠ ᠪᠠᠷ ᠰᠢᠰᠲ᠋ᠧᠮ ᠲᠠᠢ ᠨᠠᠷᠢᠨ ᠲᠣᠳᠣᠷᠬᠠᠶ ᠲᠠᠶᠢᠯᠤᠮᠵᠢ ᠬᠢᠪᠠ᠃  ᠪᠣᠯᠪᠠᠰᠤᠷᠠᠯ ᠤᠨ ᠠᠭᠤᠯᠭ᠎ᠠ ᠨᠢ ᠪᠠᠶᠠᠯᠢᠭ᠂ ᠬᠡᠷᠡᠭᠴᠡᠭᠡ ᠎ ᠨᠢ ᠪᠤᠳᠠᠳᠠᠢ᠂ ᠮᠠᠰᠢ ᠴᠢᠩᠭ᠎ᠠ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠪᠣᠯᠪᠠᠰᠤᠷᠠᠯ ᠳᠤ ᠣᠷᠣᠯᠴᠠᠭᠰᠠᠳ ᠲᠤ ᠲᠠᠩᠰᠠ ᠡᠪᠬᠡᠮᠡᠯ ᠢ ᠡᠮᠬᠢᠯᠡᠨ ᠬᠠᠮᠢᠶᠠᠷᠬᠤ ᠡᠯ᠎ᠡ ᠭᠤᠭᠴᠤᠭᠠᠨ ᠤ ᠠᠵᠢᠯ ᠢ ᠭᠦᠨᠵᠡᠭᠡᠶ ᠤᠶᠢᠯᠠᠭᠠᠭᠤᠯᠤᠭᠠᠳ᠂ ᠪᠥᠬᠦ ᠬᠤᠰᠢᠭᠤᠨ ᠤ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠴᠢᠨᠠᠭᠰᠢᠳᠠ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ  ᠲᠠᠯᠪᠢᠵᠠᠢ᠃ ᠡᠯ᠎ᠡ ᠰᠤᠮᠤ ᠰᠢᠶᠠᠩ ᠪᠠᠯᠭᠠᠰᠤ᠂  ᠡᠯ᠎ᠡ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠬᠠᠮᠢᠶ᠎ᠠ ᠪᠥᠬᠦᠶ ᠠᠵᠢᠯᠲᠠᠳ ᠪᠣᠯᠪᠠᠰᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号