ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/8
  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ  ᠂ 11 ᠰᠠᠷ᠎ᠠ ᠶᠢᠨ 7᠎ ᠤ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠳ᠋ᠠᠶ ᡁᠢ ᠷᠦᠢ ᠲᠠᠶᠢᠹᠤᠰᠧ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠠᠢ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ ᠨᠢ ᠲᠤᠰ ᠭᠠᠵᠠᠷ ᠣᠷᠣᠨ ᠤ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠠᠯᠠᠪᠠᠷ ᠬᠢ ᠵᠢᠯᠤᠭᠤᠳᠤᠯᠭ᠎ᠠ ᠪᠠ ᠬᠢᠨᠠᠯᠲᠠ ᠪᠠᠨ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠵᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾᠎ ᠢ ᠱᠠᠭᠠᠷᠳᠠᠨ ︽ᠬᠤᠶᠠᠷ ᠲᠤ ᠦᠯᠦ ᠵᠣᠪᠠᠭ᠋ᠤ ᠭᠤᠷᠪᠠ ᠶᠢ ᠵᠠᠪᠠᠯ ᠪᠠᠲᠤᠯᠠᠬᠤ︾᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ᠂ ᠠᠵᠤ ᠦᠢᠯᠡᠰ ᠤᠨ ᠲᠦᠯᠦᠪᠵᠢᠬᠦᠯᠭᠡ ᠵᠡᠷᠭᠡ ᠠᠵᠢᠯ ᠢ ᠰᠠᠶᠢᠨ ᠬᠢᠬᠦ ᠬᠡᠷᠡᠭᠲᠡᠢ᠃ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠢ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷ ᠤᠨ ᠪᠤᠯᠪᠠᠰᠤᠷᠠᠯ ᠬᠥᠮᠦᠵᠢᠯ ᠪᠠ ᠬᠢᠨᠠᠯᠳᠠ ᠬᠠᠮᠢᠶᠠᠷᠤᠯᠲᠠ ᠶᠢ ᠴᠢᠩᠭᠠᠳᠬᠠᠨ᠂ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷ ᠢ ᠴᠠᠭ ᠲᠤᠬᠠᠶ ᠳᠤᠨᠢ ᠰᠢᠯᠢᠳᠡᠭᠵᠢᠭᠦᠯᠦᠨ ᠳᠣᠭᠢᠷᠠᠭᠤᠯᠵᠤ᠂  ᠭᠠᠴᠠᠭ᠎ᠠ ᠲᠤᠰᠬᠤᠨ ᠤ ︽ᠬᠤᠶᠠᠷ ᠵᠥᠪᠯᠡᠯ︾᠎ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢ ᠪᠠᠲᠤ ᠴᠣᠭᠴᠠᠯᠠᠬᠤ ᠬᠡᠷᠡᠭᠲᠡᠶ᠃ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠢ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠢ ᠪᠠᠶᠢᠴᠠᠭᠠᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠱᠠᠲᠤᠨ ᠤ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠢᠩᠭ᠎ᠠ ᠨᠢᠮᠪᠠᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠬᠡᠷ ᠨᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠬᠦᠷᠢᠶᠡᠨ ᠳᠠᠬᠢ ᠲᠥᠪ ᠪᠤᠰᠤ ᠰᠤᠷᠲᠠᠯ᠂ ᠢᠯᠵᠠᠷᠠᠯ ᠤᠨ ᠠᠰᠠᠭᠤᠳᠠᠯ ᠪᠠ ︽ᠤᠳᠠᠭᠠᠨ ᠪᠦᠳᠦᠭᠦᠯᠢᠭ ᠬᠠᠭᠤᠷᠮᠠᠭ︾᠎ ᠤᠨ ᠠᠰᠠᠭᠤᠳᠠᠯ ᠢ ᠰᠠᠶᠢᠳᠤᠷ ᠠᠩᠬᠠᠷᠴᠤ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠡᠷᠡᠰ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠶ ᠬᠡᠵᠦ ᠱᠠᠭᠠᠷᠳᠠᠪᠠ᠃ ᠬᠤᠰᠢᠭᠤ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠯᠢᠦ ᠶᠠ ᠱᠧᠩ ᠬᠤᠷᠠᠯ ᠳᠤ ᠣᠷᠣᠯᠴᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠳᠤ ᠪᠠᠶᠢᠷᠢᠯᠠᠭᠤᠯᠤᠯᠲᠠ ᠬᠢᠪᠠ᠃ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂  ᠵᠣᠬᠢᠶᠠᠨ ᠪᠠᠶᠢᠭᠤᠯᠬᠤ ᠬᠡᠯᠲᠡᠰ᠂ ᠲᠣᠭᠤᠷᠢᠨ ᠪᠠᠶᠢᠴᠠᠭᠠᠬᠤ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠢ ᠶᠢᠨ  ᠲᠤᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号