ᠲᠢᠶᠠᠨᠵᠢᠨ ᠤ ᠲᠦᠩ ᠾᠧ ᠪᠦᠯᠦᠭᠯᠡᠯ ᠤᠨ ᠬᠦᠨᠪᠤᠯᠠᠭ ᠰᠤᠮᠤᠨ ᠳᠠᠬᠢ ᠰᠢᠮᠡᠳᠦ ᠪᠤᠷᠳᠤᠭᠠᠨ ᠤ ᠦᠢᠯᠡᠳᠪᠦᠷᠢ ᠪᠠᠶᠢᠭᠤᠯᠤᠭᠳᠠᠭᠰᠠᠨ
ᠨᠡᠶᠢᠲᠡᠯᠡᠭᠰᠡᠨ ᠴᠠᠭ᠄
2024/11/8
  ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ ︽ᠭᠤᠤᠯ ᠠᠵᠢᠯ ᠤᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ︾ ᠶᠢ ᠪᠠᠷᠢᠮᠳᠠᠯᠠᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠲᠢᠶᠠᠨᠵᠢᠨ ᠤ ᠲᠦᠩ ᠾᠧ ᠪᠦᠯᠦᠭᠯᠡᠯ ᠲᠠᠢ ᠬᠠᠮᠲᠤᠷᠠᠯᠴᠠᠭᠠᠨ ᠤ ᠨᠦᠬᠦᠷᠰᠡᠭ ᠬᠠᠷᠢᠴᠠᠭ᠎ᠠ ᠪᠠᠶᠢᠭᠤᠯᠤᠭᠠᠳ᠂ ᠬᠦᠨᠪᠤᠯᠠᠭ ᠰᠤᠮᠤᠨ  ᠤ ᠰᠢᠨᠡᠪᠤᠯᠠᠭ ᠭᠠᠴᠠᠭ᠎ᠠ ᠳᠤ ᠨᠢᠬᠡ ᠰᠠᠭᠤᠷᠢ ᠰᠢᠮᠡᠳᠦ ᠪᠤᠷᠳᠤᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠠᠢ᠃ ᠤᠳᠤ ᠪᠤᠯᠳᠠᠯ᠎ᠠ ᠲᠣᠰ ᠰᠠᠭᠤᠷᠢᠨ ᠭᠠᠵᠠᠷ ᠲᠤ ᠨᠡᠶᠢᠳᠡ 1300 ᠲᠦᠮᠡᠨ ᠲᠥᠭᠦᠷᠢᠭ ᠤᠨ ᠪᠠᠯᠠ  ᠤᠷᠤᠭᠤᠯᠵᠤ᠂ ᠤᠰᠤ ᠴᠠᠬᠢᠯᠭᠠᠨ ᠵᠠᠮ ᠪᠠ ᠦᠢᠯᠡᠳᠪᠦᠷᠢ ᠶᠢᠨ ᠲᠠᠰᠤᠭ᠂ ᠫᠧᠩ ᠬᠤᠷᠤᠭᠠᠨ ᠤ ᠪᠠᠶᠢᠭᠤᠯᠤᠯᠳᠠ ᠨᠢᠭᠡᠨᠲᠡ ᠲᠠᠭᠤᠰᠤᠭᠠᠳ᠂  ᠮᠠᠰᠢᠨ ᠲᠦᠬᠦᠭᠡᠷᠦᠮᠵᠢ ᠤᠭᠰᠠᠷᠠᠬᠤ ᠪᠠ ᠲᠦᠭᠦᠬᠡᠶ ᠮᠠᠲ᠋ᠧᠷᠢᠶᠠᠯ ᠵᠠᠬᠢᠶᠠᠯᠠᠬᠤ ᠵᠡᠷᠭᠡ ᠠᠵᠢᠯ ᠴᠤ ᠤᠷᠤᠭᠰᠢᠲᠠᠶ ᠶᠠᠪᠤᠭᠳᠠᠵᠤ ᠪᠤᠢ᠃ ᠪᠤᠷᠳᠤᠭᠠᠨ ᠤ ᠦᠢᠯᠡᠳᠪᠦᠷᠢ ᠨᠢ ᠠᠰᠢᠭᠯᠠᠯᠲᠠ ᠳᠤ ᠣᠷᠣᠭᠰᠠᠨ ᠤ ᠲᠠᠷᠠᠭ᠎ᠠ᠂ ᠡᠳᠦᠷ ᠲᠤ 100 ᠲᠣᠨ ᠰᠢᠮᠡᠳᠦ ᠪᠤᠷᠳᠤᠭ᠎ᠠ ᠦᠢᠯᠡᠳᠪᠦᠷᠢᠯᠡᠵᠦ᠂ ᠬᠦᠨᠪᠤᠯᠠᠭ ᠰᠤᠮᠤᠨ ᠤ ᠡᠯ᠎ᠡ ᠭᠠᠴᠠᠭᠠᠨ ᠤ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠬᠤ ᠪᠠᠷ ᠲᠦᠯᠦᠪᠯᠡᠵᠡᠢ᠃ ᠡᠭᠦᠨ ᠤ ᠬᠠᠮᠲᠤ᠂  ᠮᠠᠯ ᠤᠨ ᠡᠪᠡᠳᠴᠢᠨ ᠬᠢᠵᠢᠭ ᠢ ᠰᠡᠷᠭᠡᠶᠢᠯᠡᠬᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠵᠡᠷᠭᠡ ᠨᠢᠭᠡ ᠴᠣᠭᠴᠠᠵᠢᠭᠰᠠᠨ ᠦᠢᠯᠡᠴᠢᠯᠡᠭᠡ ᠶᠢ ᠬᠠᠩᠭᠠᠵᠤ᠂ ᠠᠷᠠᠴᠢᠯᠠᠭ᠎ᠠ ᠮᠠᠯᠵᠢᠯ ᠤᠨ ᠥᠪᠡᠷ ᠤᠨ ᠥᠷᠲᠡᠭ ᠢ ᠠᠷᠪᠢᠯᠠᠨ᠂  ᠮᠠᠯ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠪᠤᠯᠤᠨ᠎ᠠ᠃ ᠰᠠᠭᠤᠷᠢᠨ ᠭᠠᠵᠠᠷ ᠨᠢ ᠪᠠᠰᠠ ᠲᠤᠬᠠᠢ ᠶᠢᠨ ᠭᠠᠵᠠᠷ ᠶᠢᠨ 5 ᠬᠦᠮᠦᠨ ᠳᠤ ᠠᠵᠢᠯ ᠤᠨ ᠪᠠᠶᠢᠷᠢ ᠬᠠᠩᠭᠠᠭᠠᠳ ᠭᠡᠷ ᠤᠨ ᠡᠬᠦᠳᠡᠨ ᠳᠤᠨᠢ ᠠᠵᠢᠯ ᠤᠯᠭᠤᠵᠤ ᠠᠰᠢᠭ ᠤᠷᠤᠯᠭ᠎ᠠ ᠶᠢ ᠨᠢ ᠨᠡᠮᠡᠭᠳᠡᠬᠦᠯᠵᠦ ᠪᠤᠢ᠃
 
ᠢᠷᠡᠯᠲᠡ᠄ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号