ᠪᠤᠤᠴᠠᠩ ᠪᠠᠯᠭᠠᠰᠤᠨ ᠤ ᠰᠢᠯᠢ ᠶᠢᠨ ᠬᠤᠲᠠ ᠳᠠᠬᠢ ᠨᠡᠭᠦᠳᠡᠯ ᠨᠠᠮ ᠤᠨ ᠭᠡᠰᠢᠭᠦᠨ ᠤ ᠨᠠᠮ ᠤᠨ ᠡᠭᠦᠷ ᠨᠢ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2024/11/8
  11 ᠰᠠᠷ᠎ᠠ ᠶᠢᠨ 6 ᠤ ᠡᠳᠦᠷ᠂ ᠪᠤᠤᠴᠠᠩ ᠪᠠᠯᠭᠠᠰᠤᠨ ᠤ ᠰᠢᠯᠢ ᠶᠢᠨ ᠬᠤᠲᠠ ᠶᠢᠨ ᠲᠠᠯᠢᠨ ᠨᠡᠶᠢᠭᠡᠮ ᠲᠣᠭᠤᠷᠢᠭ  ᠲᠠᠬᠢ ᠨᠡᠭᠦᠳᠡᠯ ᠨᠠᠮ ᠤᠨ ᠭᠡᠰᠢᠭᠦᠨ ᠤ ᠨᠠᠮ ᠤᠨ ᠡᠭᠦᠷ ᠨᠢ ᠲᠥᠪᠯᠡᠷᠡᠨ ᠰᠤᠷᠤᠯᠴᠠᠬᠤ ᠬᠤᠷᠠᠯ ᠬᠤᠷᠠᠯᠳᠤᠭᠤᠯᠵᠠᠢ᠃ ᠬᠤᠷᠠᠯ ᠲᠡᠭᠡᠷ᠎ᠡ  ︽ᠥᠭᠡᠷᠡᠴᠢᠯᠡᠯᠲᠡ ᠶᠢ ᠤᠯᠠᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶᠠᠨ ᠤ ᠲᠣᠭᠲᠠᠭᠠᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠯᠳᠠ ᠠᠴᠠ ᠰᠢᠢᠳᠪᠦᠷᠢᠯᠡᠬᠦ ᠠᠷᠭ᠎ᠠ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷ ᠤᠨ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ᠵᠡᠷᠭᠡ ᠠᠭᠤᠯᠭ᠎ᠠ ᠶᠢ ᠲᠥᠪᠯᠡᠷᠡᠨ ᠰᠤᠷᠤᠯᠴᠠᠪᠠ᠃ ᠳᠠᠷᠠᠭᠠᠴᠢ ᠶᠢᠨ ᠠᠯᠬᠤᠮ ᠳᠤ᠂ ᠪᠤᠤᠴᠠᠩ ᠪᠠᠯᠭᠠᠰᠤ ᠨᠢ ᠨᠡᠭᠦᠳᠡᠯ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠰᠢᠯᠢ ᠶᠢᠨ ᠬᠤᠳᠠ ᠳᠠᠬᠢ ᠨᠡᠭᠦᠳᠡᠯ ᠨᠠᠮ ᠤᠨ ᠭᠡᠰᠢᠭᠦᠨ ᠤ ᠨᠠᠮ ᠤᠨ ᠡᠭᠦᠷ ᠢᠶᠠᠷ ᠰᠠᠭᠤᠷᠢᠨ ᠭᠠᠵᠠᠷ ᠪᠣᠯᠭᠠᠵᠤ᠂ ᠨᠠᠮ ᠤᠨ ᠡᠭᠦᠷ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠤᠨ᠂ ᠨᠡᠭᠦᠳᠡᠯ ᠨᠠᠮ ᠤᠨ ᠭᠡᠰᠢᠭᠦᠨ ᠤ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠨᠠᠮ ᠤᠨ ᠭᠡᠰᠢᠬᠦᠳ ᠢ ᠵᠢᠯᠣᠭᠤᠳᠴᠤ ᠪᠠᠶᠢᠭᠠᠳ ᠬᠤᠰᠢᠭᠤᠴᠢ ᠵᠢᠱᠢᠶᠡᠴᠢ ᠶᠢᠨ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠨᠡᠭᠦᠳᠡᠯ ᠨᠠᠮ ᠤᠨ ᠭᠡᠰᠢᠭᠦᠨ ᠤ ︽ᠨᠤᠲᠤᠭ ᠠᠴᠠ ᠪᠠᠨ ᠰᠠᠯᠪᠠᠴᠤ ᠨᠠᠮ ᠠᠴᠠ ᠰᠠᠯᠬᠤ ᠦᠭᠡᠢ᠂  ᠨᠡᠬᠦᠵᠦ  ᠰᠢᠯᠵᠢᠭᠰᠡᠨ ᠴᠤ ᠰᠤᠷᠤᠯᠴᠠᠬᠤ ᠪᠠᠨ ᠵᠤᠭᠰᠤᠬᠤ ᠦᠭᠡᠢ︾ ᠪᠠᠶᠢᠬᠤ ᠶᠢ ᠪᠠᠳᠤᠯᠠᠬᠤ ᠪᠠᠷ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号