12 ᠰᠠᠷ᠎ᠠ ᠶᠢᠨ 6 ᠤ ᠡᠳᠦᠷ᠂ ᠲᠠᠶᠢᠹᠤᠰᠧ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ | ᠰᠢᠯᠢ ᠶᠢᠨ ᠭᠤᠣᠯ ᠠᠶᠢᠮᠠᠭ ᠤᠨ ᠴᠢᠰᠤᠨ ᠤ ᠲᠥᠪ ᠥᠷᠲᠡᠭᠡ ᠲᠠᠢ ᠬᠠᠮᠲᠤᠷᠠᠨ 2024 ᠣᠨ ᠤ ᠦᠨ᠎ᠡ | ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠵᠢᠴᠢ ᠴᠢᠰᠤ ᠪᠦᠲᠦᠭᠡᠬᠦ ᠭᠤᠣᠯ ᠡᠰ ᠤᠨ ᠭᠡᠪ ᠠᠪᠬᠤ ᠠᠵᠢᠯᠯᠠᠭ᠎ᠠ | ᠥᠷᠨᠢᠭᠦᠯᠵᠦ᠂ ᠪᠥᠬᠦ ᠬᠤᠰᠢᠭᠤᠨ ᠤ ᠡᠯ᠎ᠡ ᠡᠳᠡᠭᠡᠳ ᠤᠨ ᠬᠠᠯᠠᠭᠤᠨ ᠰᠡᠳᠬᠢᠯᠲᠦ ᠬᠥᠮᠥᠰ ᠢᠳᠡᠪᠬᠢᠲᠡᠶ | ᠤᠷᠤᠯᠴᠠᠵᠠᠭᠠᠨ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠬᠠᠷᠢᠭᠤᠴᠠᠯᠭ᠎ᠠ ᠶᠢ ᠦᠢᠯᠡᠳᠦᠯᠭᠡᠵᠢᠭᠦᠯᠪᠡ᠃ | ᠠᠬᠤᠢ ᠲᠠᠯᠠᠪᠠᠶ ᠳᠤ᠂ ᠡᠮᠨᠡᠯᠭᠡ ᠶᠢᠨ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠬᠦᠰᠦᠨᠦᠭᠲᠦ ᠲᠠᠭᠯᠠᠬᠤ᠂ ᠴᠢᠰᠤᠨ | ᠳᠠᠷᠤᠯᠲᠠ ᠬᠡᠮᠵᠢᠬᠦ᠂ ᠴᠢᠰᠤᠨ ᠤ ᠪᠠᠶᠢᠴᠠᠭᠠᠯᠳᠠ ᠬᠢᠬᠦ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ | ᠬᠦᠢᠴᠡᠳᠭᠡᠭᠰᠡᠨ ᠤ ᠳᠠᠷᠠᠭ᠎ᠠ᠂ ᠤᠯᠠᠨ ᠢᠶᠠᠷ ᠢᠶᠠᠨ ᠡᠮᠬᠢ ᠲᠢᠭᠯᠡᠮ ᠲᠠᠢ ᠮᠦᠷᠯᠡᠨ ᠵᠢᠬᠰᠠᠭᠠᠳ ᠬᠠᠯᠠᠭᠤᠨ ᠴᠢᠰᠤ | ᠪᠠᠨ ᠬᠠᠨᠳᠢᠪᠯᠠᠵᠤ ᠪᠠᠶᠢᠯ᠎ᠠ᠃ | ᠴᠢᠰᠤ ᠬᠠᠨᠳᠢᠪᠯᠠᠭᠴᠢ ᠸᠠᠩ ᠪᠢᠩ᠄ ︽ ᠴᠢᠰᠤ ᠬᠠᠨᠳᠢᠪᠯᠡᠬᠤ ᠠᠵᠢᠯᠯᠠᠭ᠎ᠠ ᠳᠤ ᠠᠩᠬ᠎ᠠ ᠤᠳᠠᠭ᠎ᠠ ᠪᠠᠨ | ᠣᠷᠣᠯᠴᠠᠵᠤ ᠪᠠᠶᠢᠨ᠎ᠠ᠂ ᠰᠠᠶ᠋ᠢᠬᠠᠨ ᠴᠢᠰᠤ ᠶᠢ ᠪᠠᠶᠢᠴᠠᠭᠠᠭᠠᠳ ᠬᠠᠨᠳᠢᠪᠯᠠᠵᠤ ᠪᠤᠯᠤᠨ᠎ᠠ ᠬᠡᠰᠡᠨ᠂ ᠬᠤᠶᠢᠰᠢᠳᠠ | ᠴᠢᠰᠤ ᠬᠠᠨᠳᠢᠪᠯᠠᠬᠤ ᠠᠵᠢᠯᠯᠠᠭ᠎ᠠ ᠳᠤ ᠢᠯᠡᠭᠦᠬᠡᠨ ᠣᠷᠣᠯᠴᠠᠵᠤ᠂ ᠨᠡᠶᠢᠭᠡᠮ ᠨᠡᠶᠢᠳᠡ ᠳᠤ ᠢᠯᠡᠭᠦᠬᠡᠨ ᠬᠤᠪᠢ ᠨᠡᠮᠡᠷᠢ | ᠪᠠᠨ ᠦᠵᠡᠭᠦᠯᠦᠨ᠎ᠡ︾᠃ | ᠴᠢᠰᠤ ᠬᠠᠨᠳᠢᠪᠯᠠᠭᠴᠢ ᠺᠠᠩ ᠴᠢᠩ ᠱᠤᠸᠠᠢ᠄ ︽ᠴᠢᠰᠤ ᠬᠠᠨᠳᠢᠪᠯᠡᠬᠤ ᠠᠵᠢᠯᠯᠠᠭ᠎ᠠ ᠳᠤ ᠬᠤᠶᠠᠷ ᠵᠢᠯ ᠳᠠᠷᠠᠭᠠᠯᠠᠨ | ᠤᠷᠤᠯᠴᠠᠯ᠎ᠠ᠂ ᠮᠢᠨᠦ ᠦᠵᠡᠬᠦ ᠪᠠᠷ ᠴᠢᠰᠤ ᠬᠠᠨᠳᠢᠪᠯᠠᠬᠤ ᠨᠢ ᠤᠯᠤᠰ ᠣᠷᠣᠨ ᠨᠡᠶᠢᠭᠡᠮ ᠨᠡᠶᠢᠳᠡ ᠳᠤ ᠮᠠᠰᠢ ᠤᠳᠬ᠎ᠠ | ᠠᠭᠤᠯᠭ᠎ᠠ ᠲᠠᠢ ᠶᠠᠪᠤᠳᠠᠯ ᠪᠣᠯᠤᠨ᠎ᠠ᠂ ᠬᠠᠨᠳᠢᠪᠯᠠᠭᠰᠠᠨ ᠴᠢᠰᠤ ᠮᠢᠨᠢ ᠦᠷᠦᠭᠡᠯ ᠪᠤᠰᠤᠳ ᠤᠨ ᠠᠮᠢ ᠨᠠᠰᠤ ᠶᠢ | ᠠᠪᠤᠷᠠᠵᠤ ᠴᠢᠳᠠᠬᠤ ᠳᠤ ᠬᠦᠷᠪᠡᠯ ᠨᠠᠳᠠ ᠮᠠᠰᠢ ᠤᠮᠤᠭᠰᠢᠯ ᠪᠠᠭ᠋ᠠᠳᠤᠯ ᠲᠠᠢ ᠰᠠᠨᠠᠭᠳᠠᠨ᠎ᠠ︾᠃ | ᠪᠦᠷᠢᠳᠬᠡᠯ ᠢ ᠦᠨᠳᠦᠰᠦᠯᠡᠪᠡᠯ᠂ ᠡᠨᠡ ᠤᠳᠠᠭᠠᠨ ᠤ ᠴᠢᠰᠤ ᠬᠠᠨᠳᠢᠪᠯᠠᠬᠤ ᠠᠵᠢᠯᠯᠠᠭ᠎ᠠ ᠳᠤ ᠨᠡᠶᠢᠲᠡ 128 | ᠬᠥᠮᠦᠨ ᠣᠷᠣᠯᠴᠠᠵᠤ᠂ ᠡᠭᠦᠨ ᠤ ᠲᠤᠳᠤᠷ᠎ᠠ ᠠᠴᠠ 93 ᠬᠥᠮᠦᠨ ᠨᠢ ᠴᠢᠰᠤ ᠬᠠᠨᠳᠢᠪᠯᠠᠬᠤ ᠱᠠᠭᠠᠷᠳᠠᠯᠭ᠎ᠠ ᠳᠤ | ᠬᠦᠷᠦᠭᠡᠳ᠂ ᠨᠡᠶᠢᠳᠡ 27400m1 ᠴᠢᠰᠤ ᠬᠠᠨᠳᠢᠪᠯᠠᠵᠤ᠂ 5 ᠬᠤᠪᠢ ᠴᠢᠰᠤ ᠪᠦᠲᠦᠭᠡᠬᠦ ᠭᠤᠣᠯ ᠡᠰ ᠤᠨ | ᠬᠡᠪ ᠠᠪᠴᠠᠢ᠃ |