ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠬᠦᠴᠦᠨ ᠢ ᠨᠢᠬᠳᠠᠷᠠᠭᠤᠯᠤᠨ᠂ ︽ᠬᠠᠷᠠᠮ ᠦᠭᠡᠢ ᠵᠣᠷᠢᠭᠤᠯᠬᠤ᠂ ᠨᠥᠬᠦᠷᠰᠡᠭ | ᠪᠠᠶᠢᠬᠤ᠂ ᠬᠠᠷᠢᠯᠴᠠᠨ ᠬᠠᠪᠰᠤᠷᠤᠯᠴᠠᠬᠤ᠂ ᠬᠠᠮᠳᠤ ᠪᠠᠷ ᠲᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ | ᠶᠡᠬᠡᠪᠡᠷ ᠪᠠᠳᠠᠷᠠᠭᠤᠯᠬᠤ ᠶᠢᠨ ᠲᠦᠯᠦᠭᠡ᠂ ᠲᠠᠶᠢᠹᠤᠰᠧ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ ᠨᠢ | ᠨᠢᠭᠡ ᠵᠢᠯ ᠤᠨ ᠲᠤᠷᠰᠢ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠳᠦ ᠬᠥᠮᠦᠰ ᠲᠠᠢ ᠬᠤᠯᠪᠣᠭᠠᠯᠠᠨ | ᠤᠯᠠᠨ ᠶᠠᠩᠵᠤ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠦᠭᠡᠳ᠂ ᠪᠣᠳᠠᠲᠤ | ᠠᠵᠢᠯᠯᠠᠭ᠎ᠠ ᠪᠠᠷ ᠢᠶᠠᠨ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ ᠢᠷᠡᠭᠰᠡᠨ ᠪᠠᠶᠢᠨ᠎ᠠ᠃ | ᠠᠵᠢᠯᠯᠠᠭ᠎ᠠ ᠨᠢᠭᠡ᠄ ᠰᠢᠨ᠎ᠡ ᠴᠠᠭ ᠦᠶ᠎ᠡ ᠶᠢᠨ ᠨᠠᠮ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ | ᠴᠢᠭᠯᠡᠯᠲᠡ ᠶᠢ ᠲᠤᠤᠱᠯᠠᠭᠤᠯᠤᠨ᠂ ︽ᠡᠷᠡᠭᠦᠯ ᠡᠩᠬᠡ ᠲᠠᠶᠢᠹᠤᠰᠧ ᠬᠤᠰᠢᠭᠤ ᠶᠢ ᠪᠠᠶᠢᠭᠤᠯᠬᠤ︾ ᠠᠵᠢᠯᠯᠠᠭ᠎ᠠ ᠳᠤ | ᠢᠳᠡᠪᠬᠢᠳᠡᠢ ᠤᠷᠤᠯᠴᠠᠵᠤ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠬᠦ᠂ ᠪᠥᠬᠦ ᠠᠷᠠᠳ ᠢᠶᠠᠷ ᠢᠶᠠᠨ ᠡᠷᠡᠭᠦᠯ ᠴᠢᠬᠢᠷᠠᠭ ᠪᠠᠶᠢᠬᠤ︾ ᠮᠡᠳᠡᠯᠭᠡ ᠶᠢᠨ | ᠤᠷᠤᠯᠳᠤᠭᠠᠨ ᠬᠢᠭᠰᠡᠨ᠃ | ᠠᠵᠢᠯᠯᠠᠭ᠎ᠠ ᠬᠤᠶᠠᠷ᠄ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠭᠡᠨᠡᠳᠲᠡ ᠶᠢᠨ ᠬᠡᠷᠡᠭ ᠢ ᠠᠷᠭᠠᠴᠠᠵᠤ᠂ | ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ᠂ | ᠯᠠᠨ ᠲᠢᠶᠠᠨ ᠠᠪᠤᠷᠠᠨ ᠲᠤᠰᠠᠯᠠᠬᠤ ᠠᠩᠭᠢ᠂ ᠲᠠᠯ᠎ᠠ ᠨᠤᠳᠤᠭ ᠠᠷᠢᠬᠢᠨ ᠦᠢᠯᠡᠳᠪᠦᠷᠢ᠂ ᠹᠧᠩ ᠲᠠᠢ ᠠᠭᠤᠷᠬᠠᠶ ᠶᠢᠨ | ᠦᠢᠯᠡᠰ ᠤᠨ ᠺᠤᠮᠫᠠᠨᠢ ᠪᠠ ᠭᠡᠰᠡᠭ ᠳᠤᠮᠳᠠᠳᠤ ᠪᠠᠭ᠎ᠠ ᠰᠤᠷᠭᠠᠭᠤᠯᠢ ᠳᠤ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠠᠵᠢᠯ ᠤᠨ ᠬᠠᠮᠢᠶᠠᠳᠠᠢ ᠪᠣᠯᠪᠠᠰᠤᠷᠠᠯ ᠰᠤᠷᠢᠯᠳᠠ ᠶᠢ ᠡᠷᠬᠢᠯᠡᠭᠰᠡᠨ᠃ | ᠠᠵᠢᠯᠯᠠᠭ᠎ᠠ ᠭᠤᠷᠪᠠ᠄ ᠪᠦᠬᠦ ᠤᠯᠤᠰ ᠤᠨ ᠯᠸᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ ᠢ | ᠲᠤᠬᠢᠶᠠᠯᠳᠤᠭᠤᠯᠤᠨ᠂ ᠰᠢᠯᠢᠳᠡᠭ ᠤᠯᠠᠮᠵᠢᠯᠠᠯ ᠢ ᠤᠯᠠᠮ ᠰᠠᠶᠢᠨ ᠪᠠᠳᠠᠷᠠᠭᠤᠯᠵᠤ᠂ ᠯᠸᠢ ᠹᠧᠩ ᠠᠴᠠ ᠰᠤᠷᠤᠯᠴᠠᠬᠤ | ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ ᠶᠢᠨ ᠲᠥᠯᠥᠭᠡ᠂ ᠬᠤᠰᠢᠭᠤᠨ ᠤ | ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ︽ ᠴᠡᠪᠡᠷᠯᠡᠭᠡ ᠶᠢᠨ ᠠᠵᠢᠯᠴᠢᠳ ᠢ ᠬᠠᠯᠠᠮᠵᠢᠯᠠᠵᠤ᠂ ᠪᠣᠯᠪᠠᠰᠤᠨ | ᠤ ᠦᠢᠯᠡᠳᠦᠯᠭᠡ ᠳᠤ ᠤᠷᠤᠯᠴᠠᠬᠤ︾︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠪᠥᠬᠦ | ᠬᠤᠰᠢᠭᠤᠨ ᠤ ᠵᠡᠬᠡᠯᠢ ᠴᠡᠪᠡᠷᠯᠡᠭᠴᠢ ᠨᠠᠷ ᠲᠤ ᠬᠠᠶᠢᠷ᠎ᠠ ᠬᠠᠯᠠᠮᠵᠢ ᠬᠦᠷᠭᠡᠭᠰᠡᠨ᠃ | ᠠᠵᠢᠯᠯᠠᠭ᠎ᠠ ᠳᠥᠷᠪᠡ᠄ ︽ᠬᠥᠮᠦᠯᠢᠭ ᠶᠣᠰᠣ᠂ ᠲᠦᠭᠡᠮᠡᠯ ᠬᠠᠶᠢᠷ᠎ᠠ ᠂ ᠬᠤᠪᠢ ᠨᠡᠮᠡᠷᠢ ᠦᠵᠡᠭᠦᠯᠬᠦ︾ ᠤᠯᠠᠭᠠᠨ | ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ︽ᠨᠠᠮ ᠤᠨ ᠢᠶᠠᠨ ᠠᠴᠢ ᠳᠤ ᠲᠠᠯᠠᠷᠬᠠᠬᠤ᠂ | ᠨᠠᠮ ᠤᠨ ᠢᠶᠠᠨ ᠦᠭᠡ ᠶᠢ ᠰᠣᠨᠣᠰᠬᠤ᠂ ᠨᠠᠮ ᠢᠶᠠᠨ ᠲᠠᠭᠠᠵᠤ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠰᠢᠯᠢ ᠶᠢᠨ ᠬᠤᠲᠠ ᠶᠢᠨ ᠴᠤᠤ ᠵᠢᠤᠢ ᠨᠢᠳᠦᠨ ᠤ | ᠡᠮᠨᠡᠯᠭᠡ ᠶᠢᠨ ᠬᠤᠷᠢᠶ᠎ᠠ ᠲᠠᠢ ᠬᠠᠷᠢᠯᠴᠠᠵᠤ ᠪᠠᠶᠢᠭᠠᠳ ᠡᠯ᠎ᠡ ᠰᠤᠮᠤ ᠰᠢᠶᠠᠩ ᠪᠠᠯᠭᠠᠰᠤᠨ ᠳᠤ ︽ᠰᠠᠷᠠᠭᠤᠯ ᠬᠠᠷᠠᠭ᠎ᠠ | ᠠᠶᠠᠯᠠᠯ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠦᠷᠨᠢᠬᠦᠯᠦᠭᠰᠡᠨ᠃ | ᠠᠵᠢᠯᠯᠠᠭ᠎ᠠ ᠲᠠᠪᠤ᠄ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠮᠡᠳᠡᠯᠭᠡ ᠶᠢ ᠲᠦᠭᠡᠮᠡᠯᠵᠢᠭᠦᠯᠵᠦ᠂ ᠣᠯᠠᠨ | ᠲᠦᠮᠡᠨ ᠤ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠵᠤ | ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ︽ᠬᠥᠮᠦᠨ ᠪᠦᠬᠦᠨ ᠠᠮᠤᠷ ᠲᠦᠪᠰᠢᠨ ᠢ | ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ︾ ᠪᠠᠷ ᠭᠤᠤᠯ ᠰᠡᠳᠦᠪ ᠪᠣᠯᠭᠠᠭᠰᠠᠨ ︽ᠪᠥᠬᠦ | ᠤᠯᠤᠰ ᠤᠨ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠡᠳᠦᠷ︾ ᠤᠨ ᠬᠠᠮᠳᠤᠷᠠᠭᠰᠠᠨ ᠤᠬᠠᠭᠤᠯᠭ᠎ᠠ ᠶᠢᠨ | ᠠᠵᠢᠯᠯᠠᠭ᠎ᠠ ᠳᠤ ᠢᠳᠡᠪᠬᠢᠲᠡᠶ ᠤᠷᠤᠯᠴᠠᠵᠤ᠂ ᠲᠤᠮᠳᠠᠳᠤ ᠪᠠᠭ᠎ᠠ ᠰᠤᠷᠭᠠᠭᠤᠯᠢ᠂ ᠦᠢᠯᠡᠳᠪᠦᠷᠢ ᠠᠭᠤᠷᠬᠠᠢ᠂ ᠠᠵᠤ | ᠠᠬᠤᠶᠢᠯᠠᠯ ᠳᠤ ᠬᠦᠨᠵᠡᠬᠡᠶᠢᠷᠡᠵᠦ ᠤᠬᠠᠭᠤᠯᠭ᠎ᠠ ᠬᠢᠭᠰᠡᠨ᠃ | ᠠᠵᠢᠯᠯᠠᠭ᠎ᠠ ᠵᠢᠷᠭᠤᠭ᠎ᠠ᠄ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨ ᠵᠠᠭᠠᠯᠮᠠᠶᠢᠲᠠᠨ ᠤ ᠦᠢᠯᠡᠰ ᠤᠨ | ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠥᠬᠦ | ᠨᠡᠶᠢᠭᠡᠮ ᠳᠤ ︽ᠬᠥᠮᠦᠯᠢᠭ ᠦᠵᠡᠯ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ | ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ᠬᠤᠶᠠᠷ ᠤᠳᠠᠭ᠎ᠠ ᠠᠶᠢᠮᠠᠭ ᠤᠨ ᠴᠢᠰᠤᠨ ᠤ ᠥᠷᠲᠡᠭᠡ ᠲᠠᠢ | ᠬᠠᠮᠲᠤᠷᠠᠨ ᠪᠥᠬᠦ ᠬᠤᠰᠢᠭᠤᠨ ᠤ ᠬᠡᠪᠴᠢᠶᠡᠨ ᠳᠤ ᠦᠨ᠎ᠡ ᠲᠥᠯᠥᠪᠦᠷᠢ ᠥᠬᠡᠶ ᠴᠢᠰᠤ ᠬᠠᠨᠳᠢᠪᠯᠠᠬᠤ ᠵᠢᠴᠢ ᠴᠢᠰᠤ | ᠪᠦᠲᠦᠭᠡᠬᠦ ᠭᠤᠤᠯ ᠡᠰ ᠴᠤᠭᠯᠠᠭᠤᠯᠬᠤ ᠠᠵᠢᠯᠯᠠᠭ᠎ᠠ ᠦᠷᠨᠢᠬᠦᠯᠦᠭᠰᠡᠨ᠃ | ᠠᠵᠢᠯᠯᠠᠭ᠎ᠠ ᠳᠣᠯᠤᠭ᠎ᠠ᠄ ᠴᠢᠰᠤ ᠬᠠᠨᠳᠢᠪᠯᠠᠭᠴᠢ ᠶᠢᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ | ᠠᠵᠢᠯᠯᠠᠭ᠎ᠠ ᠳᠤ ᠲᠠᠯᠠᠷᠬᠠᠵᠤ᠂ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ ᠤᠯᠠᠮ ᠪᠠᠳᠠᠷᠠᠭᠤᠯᠬᠤ ᠶᠢᠨ ᠲᠥᠯᠥᠭᠡ | ︽ᠳᠡᠯᠡᠬᠡᠢ ᠶᠢᠨ ᠴᠢᠰᠤ ᠬᠠᠨᠳᠢᠪᠯᠠᠬᠤ ᠡᠳᠦᠷ︾ ᠤᠨ ᠬᠤᠷᠢᠨ ᠵᠢᠯ ᠤᠨ ᠤᠢ ᠶᠢ ᠲᠤᠬᠢᠶᠠᠯᠳᠤᠭᠤᠯᠵᠤ ︽ᠴᠢᠰᠤ | ᠬᠠᠨᠳᠢᠪᠯᠠᠭᠴᠢ ᠳᠤ ᠲᠠᠯᠠᠷᠬᠠᠯ ᠲᠡᠪᠰᠢᠬᠦᠯᠬᠦ︾ ᠭᠤᠤᠯ ᠰᠡᠳᠦᠪᠲᠦ ᠤᠬᠠᠭᠤᠯᠭ᠎ᠠ ᠬᠢᠭᠰᠡᠨ᠃ | ᠠᠵᠢᠯᠯᠠᠭ᠎ᠠ ᠨᠠᠢᠮᠠ᠄ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠠᠩᠭᠢ ᠶᠢᠨ ᠬᠢᠨ ᠭᠠᠮᠰᠢᠭ ᠲᠠᠢ ᠲᠡᠮᠡᠴᠡᠨ ᠠᠶᠤᠯ ᠠᠴᠠ ᠠᠪᠤᠷᠠᠬᠤ ᠠᠵᠢᠯ ᠳᠤ ᠪᠦᠬᠦ ᠬᠦᠴᠦᠨ ᠢᠶᠠᠷ | ᠭᠠᠪᠰᠢᠭᠠᠶᠢᠯᠠᠨ ᠤᠷᠤᠯᠴᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠬᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠦᠨᠡᠨ ᠪᠣᠳᠠᠲᠠᠶ ᠦᠢᠯᠡ ᠠᠵᠢᠯᠯᠠᠭ᠎ᠠ ᠪᠠᠷ ᠢᠶᠠᠨ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠬᠠᠮᠠᠭᠠᠯᠠᠵᠤ ᠢᠷᠡᠭᠰᠡᠨ ᠪᠠᠶᠢᠨ᠎ᠠ᠃ |