ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ 2024 ᠣᠨ ᠤ ᠳᠥᠷᠪᠡᠳᠦᠭᠡᠷ ᠪᠥᠬᠦᠳᠡ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/12/11
  12 ᠰᠠᠷ᠎ᠠ ᠶᠢᠨ 10 ᠤ ᠡᠳᠦᠷ᠂ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠨᠢ 2024 ᠣᠨ ᠤ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠢᠶᠠᠨ ᠬᠤᠷᠠᠯᠳᠤᠭᠤᠯᠵᠤ  ᠡᠯ᠎ᠡ ᠰᠤᠮᠤ ᠰᠢᠶᠠᠩ ᠪᠠᠯᠭᠠᠰᠤᠨ ᠤ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂  ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠤᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠲᠡᠭᠡᠷ᠎ᠡ  ᠂ ᠪᠥᠬᠦ ᠠᠶᠢᠮᠠᠭ ᠤᠨ ︽ᠵᠥᠷᠢᠴᠡᠯ ᠵᠢᠭᠤᠷᠠᠭᠠᠨ ᠤ ᠲᠦᠭᠰᠢᠭᠦᠷᠢ ᠶᠢ ᠠᠷᠢᠯᠭᠠᠵᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ︾ ᠲᠤᠰᠬᠠᠢ ᠵᠠᠰᠠᠯᠲᠠ ᠶᠢᠨ ᠠᠵᠢᠯ ᠤᠨ ᠮᠡᠳᠡᠭᠡ ︵ᠵᠢᠷᠭᠤᠳᠤᠭᠠᠷ ᠬᠤᠭᠤᠴᠠᠭ᠎ᠠ︶ ᠶᠢ ᠤᠯᠠᠮᠵᠢᠯᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ  ᠨᠢ ᠡᠷᠬᠡᠪᠰᠢ ᠵᠥᠷᠢᠴᠡᠯ ᠵᠢᠭᠤᠷᠠᠭᠠᠨ ᠪᠠᠶᠢᠴᠠᠭᠠᠨ ᠰᠢᠢᠳᠪᠦᠷᠢᠯᠡᠬᠦ ᠠᠵᠢᠯ ᠢ ᠪᠣᠳᠠᠲᠠᠶ ᠪᠦᠭᠡᠳ ᠴᠢᠩᠭ᠎ᠠ ᠠᠳᠬᠤᠵᠤ᠂  ᠬᠠᠪᠰᠤᠷᠤᠨ ᠰᠤᠷᠭᠠᠬᠤ᠂ ᠬᠦᠨᠳᠦ ᠨᠣᠴᠢᠲᠠᠶ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠵᠡᠷᠭᠡ ᠭᠤᠤᠯᠳᠠᠯᠭ᠎ᠠ ᠲᠠᠢ ᠬᠥᠮᠦᠰ ᠲᠤ ᠬᠠᠨᠳᠤᠭᠰᠠᠨ  ᠦᠢᠯᠡᠴᠢᠯᠡᠭᠡ ᠪᠠ ᠬᠠᠮᠢᠶᠠᠷᠤᠯᠲᠠ ᠶᠢᠨ ᠠᠵᠢᠯ ᠢ ᠰᠠᠶᠢᠨ ᠬᠢᠬᠦ ᠭᠡᠷᠡᠭᠳᠡᠢ᠂ ᠡᠯ᠎ᠡ ᠰᠤᠮᠤ ᠰᠢᠶᠠᠩ ᠪᠠᠯᠭᠠᠰᠤ ᠨᠢ ᠡᠷᠭᠡᠪᠰᠢ ᠬᠠᠷᠢᠶ᠎ᠠ ᠤᠷᠤᠨ ᠤ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠭᠠᠨ ᠤ ᠳᠠᠯᠳᠠ ᠬᠡᠮ ᠢ ᠪᠥᠬᠦ ᠲᠠᠯ᠎ᠠ ᠪᠠᠷ ᠪᠠᠶᠢᠴᠠᠭᠠᠨ᠂ ᠡᠷᠲᠡ ᠠᠴᠠ ᠠᠳᠬᠤᠨ ᠪᠠᠭ᠎ᠠ ᠳᠤᠨᠢ ᠠᠳᠬᠤᠵᠤ᠂ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠦᠨᠡᠨᠬᠦ ᠴᠢᠩᠭᠠᠳᠬᠠᠨ᠂ ᠨᠡᠶᠢᠭᠡᠮ ᠤᠨ ᠠᠮᠤᠷ  ᠲᠣᠭᠲᠠᠭᠤᠨ ᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号