︽ᠣᠴᠢ︾ ᠬᠠᠶᠢᠷ᠎ᠠ ᠬᠠᠯᠠᠮᠵᠢ ᠶᠢᠨ ᠨᠡᠶᠢᠭᠡᠮᠯᠢᠭ ᠤᠨ ᠬᠢᠨ ᠠᠷᠪᠠᠨ ᠵᠢᠯ ᠤᠨ ᠣᠢ ᠪᠠᠨ ᠲᠡᠮᠳᠡᠭᠯᠡᠪᠡ
ᠨᠡᠶᠢᠲᠡᠯᠡᠭᠰᠡᠨ ᠴᠠᠭ᠄
2024/12/11
   12 ᠰᠠᠷ᠎ᠠ ᠶᠢᠨ 6 ᠤ ᠤᠷᠤᠢ᠂ ᠲᠠᠶᠢᠹᠤᠰᠧ ᠬᠤᠰᠢᠭᠤᠨ ᠤ ︽ᠣᠴᠢ︾ ᠬᠠᠶᠢᠷ᠎ᠠ ᠬᠠᠯᠠᠮᠵᠢ ᠶᠢᠨ ᠨᠡᠶᠢᠬᠡᠮᠯᠢᠭ ᠤᠨ 2024 ᠤᠨ ᠤ ᠪᠤᠶᠠᠨ ᠤ ᠦᠢᠯᠡᠰ ᠤᠨ ᠦᠳᠡᠰᠢᠯᠡᠭᠡ ᠪᠠ ᠠᠷᠪᠠᠨ ᠵᠢᠯ ᠤᠨ ᠤᠢ ᠪᠠᠨ ᠪᠡᠯᠭᠡᠯᠡᠬᠦ ᠬᠦᠳᠡᠯᠪᠦᠷᠢ  ᠬᠤᠰᠢᠭᠤᠨ ᠤ ᠰᠤᠶᠤᠯ ᠤᠨ ᠠᠰᠠᠷ ᠲᠤ ᠶᠠᠪᠤᠭᠳᠠᠪᠠ᠂ ᠬᠤᠰᠢᠭᠤᠨ ᠤ ᠤᠳᠤᠷᠢᠳᠤᠯᠭ᠎ᠠ ᠴᠧᠨ ᠶᠠᠨ ᠪᠦᠦ᠂ ᠰᠦᠨ ᠶᠠᠨ᠂ ᠹᠠᠨ ᠬᠤᠸᠠ ᠮᠢᠨ᠂ ᠶᠢᠨ ᠶᠦᠩ ᠾᠧ᠂ ᠰᠡᠴᠡᠨᠴᠣᠭᠲᠤ᠂ ᠯᠢᠦ ᠶᠠ ᠱᠧᠩ᠂ ᠯᠢᠦ ᠲᠢᠩ ᠰᠢᠤ᠂ ᠢᠦᠢ ᠴᠧᠩ ᠭᠦᠸᠧ  ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠳᠠᠭᠠᠨ᠂ ᠨᠡᠶᠢᠬᠡᠮ ᠤᠨ ᠡᠯ᠎ᠡ ᠡᠳᠡᠭᠡᠳ ᠤᠨ ᠬᠠᠯᠠᠭᠤᠨ ᠰᠡᠳᠬᠢᠯᠳᠦ ᠬᠦᠮᠦᠰ ᠪᠠ ᠠᠵᠤ ᠠᠬᠤᠶᠢᠯᠠᠯᠳᠠᠨ ᠨᠠᠷ ᠬᠠᠮᠲᠤ ᠪᠠᠷ ᠦᠳᠡᠰᠢᠯᠡᠭᠡ ᠶᠢ ᠰᠤᠨᠢᠷᠬᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠶᠢᠨ ᠶᠦᠩ ᠾᠧ ᠪᠠᠶᠠᠷ ᠤᠨ ᠦᠭᠡ ᠬᠡᠯᠡᠵᠡᠶ᠃ ᠦᠳᠡᠰᠢᠯᠡᠭᠡ ᠨᠢ ᠤᠶᠠᠩᠭᠠᠳᠤ ᠳᠠᠭᠤᠤ ᠤᠷᠠᠨ ᠪᠦᠵᠢᠭ᠂ ᠰᠡᠳᠬᠢᠯ ᠬᠥᠳᠡᠯᠭᠡᠮ᠎ᠡ ᠦᠯᠢᠭᠡᠷ ᠵᠢᠱᠢᠶ᠎ᠡ ᠪᠠᠷ  ︽ᠣᠴᠢ︾ ᠬᠠᠶᠢᠷ᠎ᠠ ᠬᠠᠯᠠᠮᠵᠢ ᠶᠢᠨ ᠨᠡᠶᠢᠭᠡᠮᠯᠢᠭ ᠤᠨ ᠠᠷᠪᠠᠨ ᠵᠢᠯ ᠤᠨ ᠲᠤᠷᠰᠢᠬᠢ ᠠᠵᠢᠯ ᠤᠨ ᠠᠮᠵᠢᠯᠳᠠ ᠶᠢ ᠳᠡᠯᠭᠡᠨ ᠦᠵᠡᠭᠦᠯᠵᠦ ︽ᠬᠠᠶᠢᠷ᠎ᠠ ᠬᠠᠯᠠᠮᠵᠢ᠂ ᠬᠦᠰᠡᠯ ᠡᠷᠡᠮᠡᠯᠵᠡᠯ᠂ ᠡᠬᠦᠷᠭᠡ  ᠬᠠᠷᠢᠭᠤᠴᠠᠯᠭ᠎ᠠ︾ ᠭᠡᠮᠡᠬᠦ ᠭᠤᠣᠯ ᠰᠡᠳᠦᠪ ᠢ ᠠᠮᠢᠳᠤᠯᠢᠭ ᠢᠶᠠᠷ  ᠲᠠᠶᠢᠯᠪᠤᠷᠢᠯᠠᠨ᠂ ᠨᠡᠩ ᠤᠯᠠᠨ ᠠᠵᠤ ᠠᠬᠤᠶᠢᠯᠠᠯ᠂ ᠪᠠᠶᠢᠭᠤᠯᠭ᠎ᠠ ᠨᠢᠭᠡᠴᠡ ᠪᠠ ᠬᠤᠪᠢ ᠬᠥᠮᠦᠨ ᠢ ᠬᠠᠶᠢᠷ᠎ᠠ ᠬᠠᠯᠠᠮᠵᠢ ᠶᠢᠨ ᠦᠢᠯᠡᠰ ᠲᠤ ᠤᠷᠤᠯᠴᠠᠳᠤᠭᠠᠢ ᠬᠡᠵᠦ ᠤᠷᠢᠶᠠᠯᠠᠨ ᠲᠠᠶᠢᠴᠢᠯᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号