ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠬᠠᠮᠳᠤ ᠪᠠᠷ ᠪᠠᠶᠢᠭᠤᠯᠵᠤ ᠰᠠᠶᠢᠨ ᠰᠠᠶᠢᠬᠠᠨ ᠠᠵᠢᠯᠴᠢᠨ ᠭᠡᠷᠡᠭᠯᠡᠬᠦ ᠤᠷᠴᠢᠨ ᠨᠦᠬᠦᠴᠡᠯ ᠢ ᠡᠬᠦᠳᠦᠨ᠎ᠡ
ᠨᠡᠶᠢᠲᠡᠯᠡᠭᠰᠡᠨ ᠴᠠᠭ᠄
2024/12/11
   ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠬᠠᠤᠯᠢ ᠶᠣᠰᠣᠭᠠᠷ ᠲᠦᠷᠢᠮᠵᠢᠬᠦᠯᠵᠦ᠂ ᠬᠦᠯᠦᠰᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢᠨ ᠲᠥᠯᠥᠭᠡ᠂ 12 ᠰᠠᠷ᠎ᠠ ᠶᠢᠨ 6 ᠤ ᠡᠳᠦᠷ  ᠲᠠᠶᠢᠹᠤᠰᠧ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠳᠥᠷᠪᠡᠳᠦᠭᠡᠷ ᠤᠯᠠᠷᠢᠯ ᠤᠨ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠭᠤᠷᠪᠠᠨ ᠲᠠᠯ᠎ᠠ ᠶᠢᠨ ᠬᠠᠮᠳᠤᠷᠠᠭᠰᠠᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠯᠦ ᠱᠤ᠋ ᠵᠢᠶᠦ᠋ᠨ᠂ ᠠᠵᠢᠯᠴᠢᠨ ᠤ ᠶᠡᠷᠦᠩᠬᠡᠶ ᠡᠪᠯᠡᠯ ᠤᠨ ᠳᠡᠳ᠋ ᠲᠡᠷᠢᠭᠦᠯᠡᠭᠴᠢ ᠯᠢ ᠵᠢᠩ ᠵᠢᠩ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠯᠢᠦ ᠢ ᠮᠢᠨ ᠬᠤᠷᠠᠯ ᠳᠤ ᠣᠷᠣᠯᠴᠠᠵᠠᠶ᠃ ᠬᠤᠷᠠᠯ ᠳᠡᠭᠡᠷ᠎ᠡ᠂  ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠲᠠᠶᠢᠹᠤᠰᠧ ᠬᠤᠰᠢᠭᠤᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭᠠᠨ ᠤ ᠨᠢᠭᠡᠴᠡ ᠶᠢ ᠡᠷᠡᠮᠡᠯᠵᠡᠯᠡᠨ ᠮᠡᠳᠡᠬᠦᠯᠦᠭᠰᠡᠨ ᠪᠠ ᠠᠵᠤ ᠠᠬᠤᠶᠢᠯᠠᠯ ᠤᠨ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠭᠰᠠᠨ ᠪᠠᠶᠢᠳᠠᠯ ᠢ ᠮᠡᠳᠡᠭᠳᠡᠵᠦ᠂ ᠠᠵᠢᠯᠴᠢᠨ ᠤ  ᠶᠡᠷᠦᠩᠬᠡᠢ ᠡᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠠᠴᠠ ᠣᠳᠣᠬᠠᠨ ᠤ ᠡᠷᠡᠮᠡᠯᠵᠡᠯᠡᠨ ᠮᠡᠳᠡᠭᠦᠯᠦᠭᠰᠡᠨ ᠨᠢᠭᠡᠴᠡ ᠶᠢᠨ ᠲᠤᠬᠠᠶ ᠶᠡᠷᠦᠩᠬᠡᠶᠢᠯᠡᠭᠰᠡᠨ ᠦᠨᠡᠯᠡᠯᠳᠡ ᠬᠢᠪᠠ᠃ ᠰᠤᠳᠤᠯᠤᠨ ᠮᠠᠭᠠᠳᠯᠠᠬᠤ ᠪᠠᠷ ᠳᠠᠮᠵᠢᠭᠠᠳ 1 ᠠᠵᠤ ᠠᠬᠤᠶᠢᠯᠠᠯ ᠢ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭᠠᠨ ᠤ ᠨᠢᠭᠡᠴᠡ ᠪᠠᠷ ᠡᠷᠡᠮᠡᠯᠵᠡᠯᠡᠨ ᠮᠡᠳᠡᠭᠦᠯᠬᠦ ᠪᠠᠷ ᠲᠤᠭᠳᠠᠵᠠᠢ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠥᠳᠡᠯᠮᠦᠷᠢ ᠶᠢᠨ ᠬᠠᠷᠢᠴᠠᠭ᠎ᠠ ᠶᠢ  ᠵᠤᠬᠢᠴᠠᠭᠤᠯᠬᠤ ᠭᠡᠰᠢᠬᠦᠨ ᠨᠢᠬᠡᠴᠡ ᠤᠳ ᠨᠢ ᠦᠢᠯᠡᠳᠦᠯ ᠴᠢᠳᠠᠮᠵᠢ ᠪᠠᠨ ᠢᠳᠡᠪᠬᠢᠲᠡᠶ ᠪᠠᠳᠠᠷᠠᠭᠤᠯᠵᠤ᠂ ᠡᠯ᠎ᠡ ᠲᠦᠷᠦᠯ ᠤᠨ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ  ᠵᠢᠯᠤᠭᠤᠳᠤᠨ ᠡᠵᠡᠩᠨᠡᠯᠲᠡ ᠶᠢ   ᠨᠢ ᠤᠯᠠᠮ ᠲᠦᠷᠢᠮᠵᠢᠬᠦᠯᠵᠦ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭᠠᠨ ᠤ ᠨᠢᠭᠡᠴᠡ ᠶᠢᠨ  ᠵᠢᠱᠢᠶ᠎ᠡ ᠲᠠᠭᠤᠷᠢᠶᠠᠯ ᠤᠨ ᠦᠢᠯᠡᠳᠦᠯ ᠢ ᠪᠠᠳᠠᠷᠠᠭᠤᠯᠤᠨ᠂ ᠪᠦᠬᠦ ᠬᠤᠰᠢᠭᠤᠨ ᠤ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ  ᠶᠠᠪᠤᠴᠠ ᠶᠢᠨ ᠬᠠᠤᠯᠢ ᠲᠦᠷᠢᠮ ᠳᠤ ᠨᠡᠶᠢᠴᠡᠬᠦ ᠶᠢ ᠠᠬᠢᠭᠤᠯᠬᠤ ᠶᠢᠨ ᠬᠠᠮᠲᠤ᠂ ᠠᠵᠤ ᠠᠬᠤᠶᠢᠯᠠᠯ ᠢ ᠪᠠᠶᠢᠴᠠᠭᠠᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠭᠤᠤᠯᠳᠠᠯᠭ᠎ᠠ ᠲᠠᠢ ᠠᠩᠬᠠᠷᠤᠨ   ᠬᠥᠳᠡᠯᠮᠦᠷᠢ ᠶᠢᠨ ᠬᠠᠷᠢᠴᠠᠭᠠᠨ ᠤ ᠵᠥᠷᠢᠴᠡᠯ ᠵᠢᠭᠤᠷᠠᠯᠳᠤᠭᠠᠨ ᠢ  ᠪᠦᠳᠦᠮᠵᠢᠳᠡᠢ ᠰᠡᠷᠭᠡᠶᠢᠯᠡᠨ ᠬᠤᠷᠢᠭᠯᠠᠬᠤ ᠪᠠᠷ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号