ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠨ᠂ ᠦᠨᠳᠦᠰᠦᠲᠡᠨ ᠤ ᠰᠣᠶᠣᠯ ᠢ ᠤᠯᠠᠮᠵᠢᠯᠠᠨ ᠲᠡᠯᠬᠡᠷᠡᠬᠦᠯᠵᠦ᠂ ᠣᠯᠠᠨ ᠲᠦᠮᠡᠨ ᠤ ᠣᠶᠤᠨ ᠰᠠᠨᠠᠭ᠎ᠠ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠢᠲᠡᠭᠡᠯ ᠵᠣᠷᠢᠭ ᠢᠶᠠᠨ | ᠬᠥᠪᠴᠢᠯᠡᠨ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠭᠤᠣᠯ ᠬᠥᠭ ᠠᠶᠠᠰ ᠢ | ᠴᠤᠤᠷᠢᠶᠠᠲᠤᠭᠤᠯᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ ᠬᠢᠨ 2025 ᠣᠨ ᠤ ︽ᠰᠠᠷ᠎ᠠ ᠰᠢᠨ᠎ᠡ ᠪᠠᠨ | ᠤᠭᠳᠤᠨ ᠪᠡᠯᠭᠡᠯᠡᠬᠦ︾ ᠭᠤᠣᠯ ᠰᠡᠳᠦᠪᠲᠦ ᠬᠦᠳᠡᠯᠪᠦᠷᠢ ᠠᠵᠢᠯᠯᠠᠭ᠎ᠠ ᠨᠤᠭᠤᠳ ᠶᠢ ᠡᠷᠬᠢᠯᠡᠬᠦ ᠪᠠᠷ ᠪᠠᠶᠢᠭ᠎ᠠ᠃ | ᠠᠩᠬᠠᠷᠤᠯ ᠢᠶᠠᠨ ᠬᠠᠨᠳᠤᠭᠤᠯᠤᠭᠠᠷᠠᠢ︕ | ᠭᠤᠣᠯᠯᠠᠨ ᠡᠷᠬᠢᠯᠡᠬᠦ ᠨᠢᠭᠡᠴᠡ᠄ ᠲᠠᠶᠢᠹᠦᠰᠧ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ | ᠲᠠᠭᠠᠭᠠᠴᠢᠯᠠᠨ ᠡᠷᠬᠢᠯᠡᠬᠦ ᠨᠢᠭᠡᠴᠡ᠄ ᠲᠠᠶᠢᠹᠤᠰᠧ ᠬᠤᠰᠢᠭᠤᠨ ᠤ ᠰᠣᠶᠣᠯ ᠤᠨ ᠣᠷᠳᠣᠨ᠂ ᠲᠠᠶᠢᠹᠤᠰᠧ | ᠬᠤᠰᠢᠭᠤᠨ ᠤ ᠤᠯᠠᠭᠠᠨᠮᠥ᠋ᠴᠢᠷ᠂ ᠲᠠᠶᠢᠹᠤᠰᠧ ᠬᠤᠰᠢᠭᠤᠨ ᠤ ᠰᠣᠶᠣᠯ ᠵᠢᠭᠤᠯᠴᠢᠯᠠᠯ ᠤᠨ ᠪᠡᠯᠡ ᠤᠷᠤᠭᠤᠯᠤᠯᠳᠠ ᠶᠢᠨ | ᠺᠣᠮᠫᠠᠨᠢ | ᠬᠦᠳᠡᠯᠪᠦᠷᠢ ᠠᠵᠢᠯᠯᠠᠭᠠᠨ ᠤ ᠠᠭᠤᠯᠭ᠎ᠠ᠄ | ᠨᠢᠭᠡ᠂ ᠰᠢᠨ᠎ᠡ ᠵᠢᠯ ᠢᠶᠠᠨ ᠤᠭᠲᠤᠬᠤ ᠲᠦᠳᠡᠭ ᠭᠠᠯ ᠤᠨ ᠦᠳᠡᠰᠢᠯᠡᠭᠡ ︵12 ᠰᠠᠷ᠎ᠠ ᠶᠢᠨ 26 ᠤ ᠡᠳᠦᠷ ᠤᠨ | 19᠄ 30 ᠴᠠᠭ᠂ ᠰᠤᠶᠤᠯ ᠤᠨ ᠠᠭᠤᠳᠠᠮ ᠲᠠᠯᠠᠪᠠᠢ︶᠃ | ᠬᠤᠶᠠᠷ᠂ ᠤᠯᠠᠨ ᠲᠦᠮᠡᠨᠴᠢ ᠨᠦᠬᠦᠷᠯᠡᠯ ᠤᠨ ᠴᠤᠭᠯᠠᠭᠠᠨ ︵12 ᠰᠠᠷ᠎ᠠ ᠶᠢᠨ 30 ᠤ ᠡᠳᠦᠷ ᠤᠨ 15᠄ 00 | ᠴᠠᠭ᠂ ᠭᠠᠵᠠᠷ ᠢ ᠲᠤᠭᠳᠠᠭᠠᠳᠤᠢ︶᠃ | ᠭᠤᠷᠪᠠ᠂ ᠣᠯᠠᠨ ᠲᠦᠮᠡᠨᠴᠢ ᠰᠣᠶᠣᠯ ᠤᠨ ᠦᠳᠡᠰᠢᠯᠡᠭᠡ ︵1 ᠰᠠᠷ᠎ᠠ ᠶᠢᠨ 7 ᠤ ᠡᠳᠦᠷ ᠤᠨ 15᠄ 00 | ᠴᠠᠭ ᠂ ᠰᠣᠶᠣᠯ ᠤᠨ ᠠᠰᠠᠷ ᠤᠨ ᠮᠡᠳᠡᠭᠦᠯᠦᠯᠲᠡ ᠶᠢᠨ ᠲᠢᠩᠬᠢᠮ︶᠃ | ᠳᠥᠷᠪᠡ᠂ ᠮᠠᠯᠴᠢᠨ ᠲᠠᠷᠢᠶᠠᠴᠢᠨ ᠤ ᠴᠠᠭᠠᠨ ᠰᠠᠷ᠎ᠠ ᠶᠢᠨ ᠦᠳᠡᠰᠢᠯᠡᠭᠡ ︵1 ᠰᠠᠷ᠎ᠠ ᠶᠢᠨ 8 ᠤ ᠡᠳᠦᠷ ᠤᠨ | 15᠄ 00 ᠴᠠᠭ᠂ ᠰᠣᠶᠣᠯ ᠤᠨ ᠠᠰᠠᠷ ᠤᠨ ᠮᠡᠳᠡᠭᠦᠯᠦᠯᠲᠡ ᠶᠢᠨ ᠲᠢᠩᠬᠢᠮ︶᠃ | ᠲᠠᠪᠤ᠂ ᠺᠠᠳ᠋ᠷ ᠠᠵᠢᠯᠲᠠᠨ ᠤ ᠴᠠᠭᠠᠨ ᠰᠠᠷ᠎ᠠ ᠶᠢᠨ ᠦᠳᠡᠰᠢᠯᠡᠭᠡ ︵1 ᠰᠠᠷ᠎ᠠ ᠶᠢᠨ 9 ᠤ ᠡᠳᠦᠷ ᠤᠨ 15᠄ 00 | ᠴᠠᠭ᠂ ᠰᠣᠶᠣᠯ ᠤᠨ ᠠᠰᠠᠷ ᠤᠨ ᠮᠡᠳᠡᠭᠦᠯᠦᠯᠲᠡ ᠶᠢᠨ ᠲᠢᠩᠬᠢᠮ︶᠃ | ᠵᠢᠷᠭᠤᠭ᠎ᠠ᠂ 2025 ᠣᠨ ᠤ ᠴᠠᠭᠠᠨ ᠰᠠᠷ᠎ᠠ ᠶᠢᠨ ᠦᠳᠡᠰᠢᠯᠡᠭᠡ ︵1 ᠰᠠᠷ᠎ᠠ ᠶᠢᠨ 15 ᠤ ᠡᠳᠦᠷ ᠤᠨ 19᠄ | 30 ᠴᠠᠭ᠂ ᠰᠣᠶᠣᠯ ᠤᠨ ᠠᠰᠠᠷ ᠤᠨ ᠮᠡᠳᠡᠭᠦᠯᠦᠯᠲᠡ ᠶᠢᠨ ᠲᠢᠩᠬᠢᠮ︶᠃ | ᠲᠤᠯᠤᠭ᠎ᠠ᠂ ᠴᠠᠭᠠᠨ ᠰᠠᠷ᠎ᠠ ᠶᠢᠨ ᠠᠷᠪᠠᠨ ᠲᠠᠪᠤᠨ ᠤ ᠨᠠᠭᠠᠳᠤᠮ ︵ 2 ᠰᠠᠷ᠎ᠠ ᠶᠢᠨ 12 ᠤᠨ ᠡᠳᠦᠷ᠂ ᠵᠡᠭᠡᠯᠢ | ᠭᠤᠳᠤᠮᠵᠢ ᠲᠠᠯᠠᠪᠠᠶ ᠴᠡᠴᠡᠷᠯᠢᠭ ᠲᠤ ᠶᠠᠪᠤᠭᠳᠠᠨ᠎ᠠ︶ |