ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠤᠯᠠᠮ ᠢᠯᠡᠬᠦᠦ ᠪᠠᠳᠠᠷᠠᠭᠤᠯᠵᠤ᠂ ᠦᠨᠳᠦᠰᠦᠨ ᠬᠠᠤᠯᠢ ᠶᠢ | ᠡᠷᠬᠢᠮᠯᠡᠬᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠤᠬᠠᠭᠤᠯᠬᠤ᠂ ᠦᠨᠳᠦᠰᠦᠨ | ᠬᠠᠤᠯᠢ ᠶᠢ ᠵᠢᠷᠤᠮᠯᠠᠬᠤ᠂ ᠦᠨᠳᠦᠰᠦᠨ ᠬᠠᠤᠯᠢ ᠶᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ | ᠶᠢᠨ ᠲᠦᠯᠦᠭᠡ᠂ ᠠᠷᠪᠠᠨ ᠨᠢᠬᠡᠳᠡᠬᠢ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠬᠦᠷᠴᠦ ᠢᠷᠡᠬᠦ | ᠲᠠᠰᠢᠷᠠᠮ ᠳᠤ ᠯᠦᠸᠧ ᠲᠦᠸᠧ ᠱᠠᠨ ᠪᠠᠯᠭᠠᠰᠤᠨ ᠤ ᠵᠠᠰᠠᠭ ᠤᠨ ᠤᠷᠳᠤᠨ ᠨᠢ ᠲᠣᠮᠢᠯᠠᠭᠰᠠᠨ ᠰᠠᠯᠪᠤᠷᠢ᠂ ᠬᠠᠤᠯᠢ | ᠴᠠᠭᠠᠵᠠ ᠶᠢᠨ ᠰᠠᠯᠪᠤᠷᠢ᠂ ᠡᠮᠡᠭᠲᠡᠶᠢᠴᠦᠳ ᠤᠨ ᠬᠤᠯᠪᠣᠭ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠠᠢ | ᠬᠤᠯᠪᠤᠭᠠᠯᠠᠨ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠭᠡᠷᠡᠴᠢᠯᠡᠯᠲᠡ ᠶᠢ | ᠤᠯᠠᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠲᠠᠳ ᠠᠴᠠ ᠣᠯᠠᠨ ᠲᠦᠮᠡᠨ ᠳᠤ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠤᠨ ᠢᠷᠡᠯᠲᠡ ᠪᠣᠯᠤᠨ | ᠦᠨᠳᠦᠰᠦᠨ ᠬᠠᠤᠯᠢ ᠶᠢᠨ ᠬᠠᠮᠢᠶᠠᠳᠠᠢ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ᠂ ᠢᠷᠡᠵᠦ ᠶᠠᠪᠤᠭ᠎ᠠ | ᠣᠯᠠᠨ ᠲᠦᠮᠡᠨ ᠳᠤ ︽ᠢᠷᠭᠡᠨ ᠤ ᠬᠠᠤᠯᠢ ᠶᠢᠨ ᠪᠢᠴᠢᠭ ︾᠂ ︽ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ | ︾᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾᠂ ︽ᠵᠣᠬᠢᠶᠠᠨ ᠪᠠᠶᠢᠭᠤᠯᠤᠯᠲᠠ ᠲᠠᠢ ᠶᠠᠯᠠᠲᠤ | ᠠᠵᠢᠯᠯᠠᠭ᠎ᠠ ᠶᠢ ᠡᠰᠡᠷᠭᠦᠴᠡᠬᠦ︾ ᠵᠡᠷᠭᠡ ᠬᠠᠤᠯᠢ ᠲᠦᠷᠢᠮ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ | ᠣᠯᠠᠨ ᠲᠦᠮᠡᠨ ᠤ ᠳᠤᠷᠠᠳᠤᠭᠰᠠᠨ ᠬᠠᠤᠯᠢ ᠶᠢᠨ ᠬᠠᠮᠢᠶᠠᠳᠠᠢ ᠠᠰᠠᠭᠤᠳᠠᠯ ᠳᠤ ᠨᠠᠷᠢᠨ ᠲᠤᠳᠤᠷᠬᠠᠢ ᠬᠠᠷᠢᠭᠤᠯᠲᠠ | ᠦᠭᠬᠦᠭᠡᠳ᠂ ᠠᠷᠠᠳ ᠣᠯᠠᠨ ᠤ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠬᠡᠷᠡᠭᠯᠡᠬᠦ | ᠤᠬᠠᠮᠰᠠᠷ ᠢ ᠲᠡᠭᠡᠭᠰᠢᠯᠡᠬᠦᠯᠵᠦ᠂ ᠬᠠᠤᠯᠢ ᠶᠢᠨ ᠵᠡᠪᠰᠡᠭ ᠢᠶᠠᠷ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ | ᠶᠢ ᠤᠷᠢᠶᠠᠯᠠᠵᠠᠢ᠃ ᠲᠠᠷᠠᠭᠠᠴᠢ ᠪᠠᠷ ᠯᠦᠸᠧ ᠲᠦᠸᠧ ᠱᠠᠨ ᠪᠠᠯᠭᠠᠰᠤ ᠨᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ | ᠰᠡᠳᠬᠢᠯᠭᠡ ᠪᠠᠷ ᠦᠨᠳᠦᠰᠦᠨ ᠬᠠᠤᠯᠢ ᠶᠢᠨ ᠰᠤᠷᠤᠯᠴᠠᠯᠭ᠎ᠠ ᠤᠬᠠᠭᠤᠯᠭ᠎ᠠ ᠶᠢ ᠦᠷᠬᠦᠯᠵᠢᠯᠡᠨ ᠠᠬᠢᠭᠤᠯᠵᠤ᠂ | ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠂ ᠦᠨᠳᠦᠰᠦᠨ | ᠬᠠᠤᠯᠢ ᠶᠢᠨ ᠵᠣᠷᠢᠭ ᠰᠠᠨᠠᠭ᠎ᠠ ᠪᠠᠷ ᠤᠷᠤᠭᠰᠢᠯᠠᠯᠲᠠ ᠶᠢᠨ ᠵᠠᠮ ᠢᠶᠠᠨ ᠭᠡᠷᠡᠯᠳᠦᠬᠦᠯᠬᠦ ᠪᠠᠷ ᠪᠠᠶᠢᠨ᠎ᠠ᠃ |