ᠦᠨᠳᠦᠰᠦᠨ ᠬᠠᠤᠯᠢ ᠶᠢᠨ ᠤᠬᠠᠭᠤᠯᠭ᠎ᠠ —  ᠲᠠᠶᠢᠹᠤᠰᠧ ᠬᠤᠰᠢᠭᠤᠨ ᠤ ᠬᠢᠨ ᠦᠨᠳᠦᠰᠦᠨ ᠬᠠᠤᠯᠢ ᠪᠠ ᠲᠤᠭ᠎ᠠ ᠪᠦᠷᠢᠳᠬᠡᠯ ᠤᠨ ᠬᠠᠤᠯᠢ ᠶᠢᠨ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2024/12/11
   ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠪᠠ ᠡᠯ᠎ᠡ ᠲᠦᠷᠦᠯ ᠤᠨ ᠲᠤᠭ᠎ᠠ ᠪᠦᠷᠢᠳᠬᠡᠯ ᠤᠨ ᠬᠠᠤᠯᠢ ᠲᠦᠷᠢᠮ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠨᠡᠶᠢᠭᠡᠮ ᠤᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠦᠵᠡᠯ ᠤᠬᠠᠮᠰᠠᠷ ᠢ  ᠲᠡᠭᠡᠭᠰᠢᠯᠡᠬᠦᠯᠬᠦ ᠶᠢᠨ ᠲᠦᠯᠦᠭᠡ᠂ 12 ᠰᠠᠷ᠎ᠠ ᠶᠢᠨ 6 ᠤ ᠡᠳᠦᠷ ᠲᠠᠶᠢᠹᠤᠰᠧ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠬᠢᠨ ᠠᠵᠤ ᠠᠬᠤᠶᠢᠯᠠᠯ᠂  ᠲᠡᠯᠬᠡᠬᠦᠷ ᠬᠤᠳᠠᠯᠳᠤᠭ᠎ᠠ᠂  ᠨᠡᠶᠢᠭᠡᠮ ᠲᠣᠭᠤᠷᠢᠭ ᠲᠤ ᠬᠦᠨᠵᠡᠬᠡᠶᠢᠷᠡᠨ ᠲᠤᠭ᠎ᠠ ᠪᠦᠷᠢᠳᠬᠡᠯ ᠤᠨ ᠬᠠᠤᠯᠢ ᠶᠢᠨ ᠤᠬᠠᠭᠤᠯᠭ᠎ᠠ ᠦᠷᠨᠢᠬᠦᠯᠪᠠ᠃ ᠠᠵᠢᠯᠳᠠᠳ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾  ︽ᠲᠤᠭ᠎ᠠ ᠪᠦᠷᠢᠳᠬᠡᠯ ᠤᠨ ᠬᠠᠤᠯᠢ ᠲᠦᠷᠢᠮ ᠤᠨ ᠶᠡᠷᠦ ᠶᠢᠨ ᠮᠡᠳᠡᠯᠭᠡ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 1000 ᠭᠠᠷᠤᠶ ᠬᠤᠪᠢ ᠲᠠᠷᠬᠠᠭᠠᠵᠤ᠂  ᠲᠤᠭ᠎ᠠ ᠪᠦᠷᠢᠳᠬᠡᠯ ᠤᠨ ᠬᠠᠤᠯᠢ ᠶᠢᠨ ᠴᠢᠬᠤᠯᠠ ᠵᠤᠷᠪᠤᠰ ᠪᠠ ᠭᠤᠤᠯ ᠠᠭᠤᠯᠭ᠎ᠠ ᠶᠢ ᠲᠠᠶᠢᠯᠪᠤᠷᠢᠯᠠᠨ᠂ ᠲᠤᠭ᠎ᠠ ᠪᠦᠷᠢᠳᠬᠡᠯ ᠤᠨ ᠬᠠᠤᠯᠢ ᠶᠢᠨ ᠬᠠᠮᠢᠶ᠎ᠠ ᠪᠥᠬᠦᠶ ᠮᠡᠳᠡᠯᠭᠡ ᠶᠢ ᠲᠦᠬᠡᠮᠡᠯᠵᠢᠬᠦᠯᠵᠦ᠂ ᠠᠵᠤ ᠠᠬᠤᠶᠢᠯᠠᠯ ᠪᠠ ᠠᠷᠠᠳ ᠢᠷᠭᠡᠳ ᠲᠤ ᠲᠤᠭ᠎ᠠ ᠪᠦᠷᠢᠳᠬᠡᠯ ᠤᠨ ᠬᠠᠤᠯᠢ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠦᠢᠯᠡᠳᠦᠯ ᠢ ᠲᠤᠳᠤᠷᠬᠠᠶᠢᠯᠠᠨ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠲᠤᠭ᠎ᠠ ᠪᠦᠷᠢᠳᠬᠡᠯ ᠤᠨ ᠠᠵᠢᠯ ᠢ ᠢᠳᠡᠪᠬᠢᠳᠡᠢ ᠳᠡᠮᠵᠢᠬᠦ ᠶᠢ ᠤᠷᠢᠶᠠᠯᠠᠵᠤ᠂ ᠣᠯᠠᠨ ᠨᠡᠶᠢᠲᠡ ᠶᠢᠨ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠦᠨ᠂ ︽ᠬᠠᠤᠯᠢ ᠶᠣᠰᠣᠭᠠᠷ ᠲᠤᠭ᠎ᠠ ᠪᠦᠷᠢᠳᠬᠡᠯ ᠬᠢᠬᠦ᠂ ᠬᠠᠤᠯᠢ ᠶᠣᠰᠣᠭᠠᠷ ᠲᠤᠭ᠎ᠠ ᠪᠦᠷᠢᠳᠬᠡᠯ ᠢ ᠵᠠᠰᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠲᠠᠶᠢᠹᠤᠰᠧ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号