ᠦᠨᠳᠦᠰᠦᠨ ᠬᠠᠤᠯᠢ ᠶᠢᠨ ᠤᠬᠠᠭᠤᠯᠭ᠎ᠠ —  ᠶᠦᠩ ᠹᠧᠩ ᠪᠠᠯᠭᠠᠰᠤ ︽ᠦᠨᠳᠦᠰᠦᠨ ᠬᠠᠤᠯᠢ ᠶᠢᠨ ᠡᠳᠦᠷ︾ ᠤᠨ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2024/12/11
   ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠬᠤ ᠶᠢᠨ ᠲᠥᠯᠥᠭᠡ  ᠂ 12 ᠰᠠᠷ᠎ᠠ ᠶᠢᠨ 4 ᠤ ᠡᠳᠦᠷ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠬᠦᠷᠴᠦ ᠢᠷᠡᠬᠦ ᠲᠠᠰᠢᠷᠠᠮ ᠢᠶᠠᠷ ᠶᠦᠩ ᠹᠧᠩ ᠪᠠᠯᠭᠠᠰᠤ ᠨᠢ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠭᠡᠷᠡᠴᠢᠯᠡᠯᠲᠡ ᠶᠢ ᠤᠯᠠᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠵᠡᠢ᠃ ᠡᠯ᠎ᠡ ᠲᠣᠰᠬᠤᠨ ᠤ ᠨᠠᠮ ᠤᠨ ᠡᠭᠦᠷ ᠨᠢ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠦᠨᠳᠦᠰᠦᠨ ᠬᠠᠤᠯᠢ ᠶᠢ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠳᠤ ︽ᠦᠨᠳᠦᠰᠦᠨ ᠬᠠᠤᠯᠢ ᠶᠢᠨ ᠡᠳᠦᠷ  ︾  ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ︾ ᠤᠨ ᠢᠷᠡᠯᠲᠡ ᠶᠢ ᠲᠠᠨᠢᠯᠴᠠᠭᠤᠯᠬᠤ ᠶᠢᠨ ᠬᠠᠮᠲᠤ  ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠵᠡᠷᠭᠡ ᠬᠠᠤᠯᠢ ᠲᠦᠭᠡᠮᠡᠯᠵᠢᠭᠦᠯᠬᠦ ᠮᠠᠲ᠋ᠧᠷᠢᠶᠠᠯ ᠢ ᠲᠠᠷᠬᠠᠭᠠᠵᠤ᠂  ᠤᠯᠠᠨ ᠲᠦᠮᠡᠨ ᠤ ᠬᠠᠤᠯᠢ ᠶᠢ ᠰᠤᠷᠬᠤ᠂ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠪᠡ᠃ ᠪᠠᠯᠭᠠᠰᠤᠨ ᠤ ᠠᠵᠢᠯᠲᠠᠳ ᠪᠠᠰᠠ ᠨᠢᠭᠤᠷᠲᠠᠨ ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠣᠯᠠᠨ ᠲᠦᠮᠡᠨ ᠳᠤ ᠦᠨᠳᠦᠰᠦᠨ ᠬᠠᠤᠯᠢ ᠶᠢᠨ ᠬᠥᠭᠵᠢᠯᠲᠡ ᠶᠢᠨ ᠶᠠᠪᠤᠴᠠ ᠪᠠ ᠦᠨᠳᠦᠰᠦᠨ ᠬᠠᠤᠯᠢ ᠶᠢᠨ ᠪᠠᠶᠢᠷᠢ ᠰᠠᠭᠤᠷᠢ ᠵᠡᠷᠭᠡ ᠬᠠᠮᠢᠶ᠎ᠠ ᠪᠥᠬᠦᠶ ᠠᠭᠤᠯᠭ᠎ᠠ ᠶᠢ ᠲᠠᠶᠢᠯᠪᠤᠷᠢᠯᠠᠨ  ᠂  ᠣᠯᠠᠨ ᠲᠦᠮᠡᠨ ᠤ ᠬᠠᠤᠯᠢᠵᠢᠯ ᠤᠨ ᠦᠵᠡᠯᠲᠡ ᠪᠠ ᠬᠠᠤᠯᠢ ᠶᠣᠰᠣᠭᠠᠷ ᠠᠵᠢᠯ ᠡᠷᠭᠢᠯᠡᠬᠦ  ᠦᠵᠡᠯ ᠤᠬᠠᠮᠰᠠᠷ ᠢ ᠴᠢᠩᠭᠠᠳᠬᠠᠵᠤ᠂  ᠡᠯ᠎ᠡ ᠲᠦᠷᠦᠯ ᠤᠨ ᠵᠦᠷᠢᠴᠡᠯ ᠵᠢᠭᠤᠷᠠᠭᠠᠨ ᠢ ᠪᠦᠲᠦᠮᠵᠢᠲᠡᠶ ᠰᠡᠷᠭᠡᠶᠢᠯᠡᠬᠦ ᠳᠤ ᠪᠠᠳᠤ ᠪᠠᠬᠢ ᠰᠠᠭᠤᠷᠢ   ᠶᠢ ᠲᠠᠯᠪᠢᠭᠰᠠᠨ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号