ᠦᠨᠳᠦᠰᠦᠨ ᠬᠠᠤᠯᠢ ᠶᠢᠨ ᠤᠬᠠᠭᠤᠯᠭ᠎ᠠ — ᠲᠠᠶᠢᠹᠤᠰᠧ ᠬᠤᠰᠢᠭᠤ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠤᠨ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2024/12/11
   ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠨᠳᠦᠰᠦᠨ ᠬᠠᠤᠯᠢ ᠶᠢᠨ ᠡᠷᠬᠡ ᠰᠦᠷ ᠢ ᠢᠯᠡᠷᠡᠭᠦᠯᠵᠦ᠂ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠣᠶᠢᠯᠠᠭᠠᠭᠳᠠᠬᠤᠨ ᠢ ᠭᠦᠨᠵᠡᠭᠡᠶ ᠤᠬᠠᠭᠤᠯᠤᠨ᠂ ᠦᠨᠳᠦᠰᠦᠨ ᠬᠠᠤᠯᠢ ᠶᠢ ᠪᠥᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 4 ᠤ ᠡᠳᠦᠷ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂  ᠰᠢᠨ ᠬᠤᠸᠠ ᠨᠡᠶᠢᠬᠡᠮ ᠲᠤᠭᠤᠷᠢᠭ ᠨᠢ ᠬᠠᠮᠲᠤᠷᠠᠨ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ︾ ᠪᠠᠷ ᠭᠤᠤᠯ ᠰᠡᠳᠦᠪ ᠪᠣᠯᠭᠠᠭᠰᠠᠨ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠡᠬᠢᠯᠡᠬᠦ ᠳᠤ᠂  ᠤᠯᠠᠨ ᠢᠶᠠᠷ ᠢᠶᠠᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ  ᠶᠠᠪᠤᠭᠤᠯᠤᠭᠰᠠᠨ ᠪᠦᠭᠡᠳ ᠰᠢᠨ ᠬᠤᠸᠠ ᠨᠡᠶᠢᠭᠡᠮ ᠲᠣᠭᠤᠷᠢᠭ ᠤᠨ ᠤᠷᠠᠯᠢᠭ ᠤᠨ ᠪᠦᠯᠬᠦᠮ ᠤᠨ ᠬᠢᠨ ᠤᠷᠠᠨ ᠭᠤᠴᠤ ᠲᠣᠭᠯᠠᠯᠲᠠ ᠭᠠᠷᠭᠠᠵᠤ᠂  ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠠᠤᠯᠢᠵᠢᠯ ᠤᠨ ᠣᠶᠢᠯᠠᠭᠠᠭᠳᠠᠬᠤᠨ ᠢ ᠤᠯᠠᠮᠵᠢᠯᠠᠵᠤ᠂ ᠬᠠᠤᠯᠢᠵᠢᠯ ᠤᠨ ᠬᠦᠴᠦᠨ ᠢ ᠲᠠᠮᠵᠢᠭᠤᠯᠤᠭᠰᠠᠨ ᠪᠠᠶᠢᠨ᠎ᠠ᠃ ᠠᠵᠢᠯᠯᠠᠭᠠᠨ ᠤ ᠶᠠᠪᠤᠴᠠ ᠳᠤ᠂ ᠪᠸᠢ ᠶᠤᠸᠠᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠨᠢᠦ ᠲᠦᠩ ᠴᠢᠩ ᠬᠠᠤᠯᠢᠴᠢ ᠠᠴᠠ ᠤᠯᠠᠨ ᠲᠦᠮᠡᠨ ᠳᠤ ᠬᠠᠤᠯᠢ ᠲᠦᠷᠢᠮ ᠤᠨ ᠲᠠᠶᠢᠯᠤᠮᠵᠢ ᠬᠢᠵᠦ᠂ ᠬᠠᠤᠯᠢ ᠶᠢᠨ ᠮᠡᠳᠡᠯᠭᠡ ᠶᠢ ᠲᠦᠭᠡᠮᠡᠯᠵᠢᠬᠦᠯᠦᠭᠰᠡᠨ ᠪᠦᠭᠡᠳ ᠡᠯ᠎ᠡ ᠰᠠᠯᠠᠭ᠎ᠠ ᠮᠦᠴᠢᠷ ᠤᠨ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ  ᠬᠡᠯᠪᠡᠷᠢ ᠪᠠᠷ ᠡᠯ᠎ᠡ ᠲᠥᠷᠥᠯ ᠤᠨ ᠬᠠᠤᠯᠢ ᠲᠦᠷᠢᠮ ᠤᠨ ᠤᠬᠠᠭᠤᠯᠭ᠎ᠠ ᠶᠢ ᠥᠷᠨᠢᠭᠦᠯᠵᠦ  ᠬᠠᠤᠯᠢ ᠪᠠᠷ ᠵᠠᠰᠠᠬᠤ ᠠᠭᠤᠷ ᠠᠮᠢᠰᠬᠤᠯ ᠢ ᠤᠯᠠᠮ ᠦᠳᠭᠡᠷᠡᠬᠦᠯᠪᠡ᠃ ᠽᠢ ᠶᠢᠨ ᠲᠠᠯᠠᠪᠠᠶ ᠶᠢᠨ ᠪᠥᠵᠢᠭ ᠤᠨ ᠠᠩᠭᠢ ᠶᠢᠨ ᠳᠠᠷᠤᠭ᠎ᠠ ᠯᠢᠦ ᠪᠦᠦ ᠬᠤᠸᠠ᠄ ︽ᠥᠨᠥᠳᠦᠷ  ᠤᠨ ᠠᠵᠢᠯᠯᠠᠭ᠎ᠠ ᠳᠤ ᠠᠵᠠ ᠪᠠᠷ ᠤᠷᠤᠯᠴᠠᠭᠠᠳ ᠮᠠᠰᠢ ᠣᠯᠠᠨ ᠦᠨᠳᠦᠰᠦᠨ ᠬᠠᠤᠯᠢ ᠶᠢᠨ ᠮᠡᠳᠡᠯᠭᠡ ᠪᠠ ᠬᠠᠤᠯᠢ  ᠲᠦᠷᠢᠮ ᠤᠨ ᠮᠡᠳᠡᠯᠭᠡ ᠶᠢ ᠰᠤᠷᠴᠠᠢ᠂ ᠬᠤᠶᠢᠰᠢᠳᠠ ᠡᠳᠦᠷ ᠲᠤᠲᠤᠮ ᠤᠨ ᠠᠵᠢᠯ ᠤᠨ ᠳᠤᠮᠳᠠ ᠪᠠᠨ ᠪᠠᠰᠠ ᠬᠠᠤᠯᠢ ᠲᠦᠷᠢᠮ ᠤᠨ ᠮᠡᠳᠡᠯᠭᠡ ᠶᠢ ᠢᠳᠡᠪᠬᠢᠲᠡᠶ ᠤᠬᠠᠭᠤᠯᠤᠨ ᠲᠦᠬᠡᠮᠡᠯᠵᠢᠬᠦᠯᠦᠨ᠎ᠡ︾  ᠃ ᠰᠢᠨ ᠬᠤᠸᠠ ᠨᠡᠶᠢᠬᠡᠮ  ᠲᠣᠭᠤᠷᠢᠭ ᠤᠨ ᠳᠡᠳ᠋ ᠱᠦᠵᠢ ᠡᠦ ᠯᠢ ᠵᠢᠶᠧ᠄ ︽ᠥᠨᠥᠳᠦᠷ ᠪᠣᠯ ᠤᠯᠤᠰ ᠤᠨ ᠦᠨᠳᠦᠰᠦᠨ ᠬᠠᠤᠯᠢ ᠶᠢᠨ ᠡᠳᠦᠷ ᠪᠣᠯᠤᠨ᠎ᠠ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠮᠠᠨ ᠤ ᠨᠡᠶᠢᠭᠡᠮ ᠲᠣᠭᠤᠷᠢᠭ ᠲᠤ ᠬᠠᠤᠯᠢ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂  ᠪᠢᠳᠡᠨ ᠳᠤ ᠦᠨᠳᠦᠰᠦᠨ ᠬᠠᠤᠯᠢ ᠪᠠ ᠬᠠᠤᠯᠢ ᠲᠦᠷᠢᠮ ᠤᠨ ᠬᠠᠮᠢᠶᠠᠳᠠᠢ ᠮᠡᠳᠡᠯᠭᠡ ᠶᠢ ᠬᠦᠷᠳᠡᠭᠡᠭᠰᠡᠨ ᠪᠠᠶᠢᠨ᠎ᠠ᠂  ᠬᠤᠶᠢᠰᠢᠳᠠ ᠪᠢᠳᠡ  ᠬᠠᠷᠢᠯᠴᠠᠭ᠎ᠠ ᠨᠡᠪᠳᠡᠷᠡᠯᠴᠡᠭᠡ ᠪᠠᠨ ᠤᠯᠠᠮ ᠴᠢᠩᠭᠠᠳᠬᠠᠵᠤ᠂ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠤᠬᠠᠮᠰᠠᠷ ᠢ ᠲᠡᠭᠡᠭᠰᠢᠯᠡᠬᠦᠯᠦᠨ᠂ ᠣᠯᠠᠨ ᠲᠦᠮᠡᠨ ᠤ ᠬᠠᠤᠯᠢ ᠶᠢᠨ ᠵᠡᠪᠰᠡᠭ ᠢ ᠭᠡᠷᠡᠭᠯᠡᠵᠦ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠪᠡᠶᠡᠯᠡᠬᠦᠯᠦᠨ᠎ᠡ︾  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号