ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠤᠬᠠᠭᠤᠯᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠦᠨᠳᠦᠰᠦᠨ | ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠨ᠂ | ᠦᠨᠳᠦᠰᠦᠨ ᠬᠠᠤᠯᠢ ᠶᠢ ᠪᠥᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ᠂ 12 | ᠰᠠᠷ᠎ᠠ ᠶᠢᠨ 6 ᠤ ᠡᠳᠦᠷ ᠲᠠᠶᠢᠹᠤᠰᠧ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠨᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠢᠮᠠ ᠳᠤ ᠤᠷᠤᠭᠤᠯᠬᠤ︾ ᠵᠢᠱᠢᠶ᠎ᠡ ᠦᠵᠡᠭᠦᠯᠬᠦ ᠴᠡᠭ | ᠪᠤᠯᠬᠤ ᠲᠠᠢ ᠫᠢᠩ ᠨᠡᠶᠢᠭᠡᠮ ᠲᠣᠭᠤᠷᠢᠭ ᠲᠤ ᠬᠦᠨᠵᠡᠬᠡᠶᠢᠷᠡᠵᠦ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ | ᠭᠠᠷᠠᠭ︾ ᠤᠨ ᠠᠵᠢᠯᠯᠠᠭ᠎ᠠ ᠥᠷᠨᠢᠭᠦᠯᠪᠡ᠃ ᠠᠬᠤᠢ ᠲᠠᠯᠠᠪᠠᠶ ᠳᠤ᠂ ᠬᠥᠨᠳᠡᠯᠡᠨ ᠪᠢᠴᠢᠭᠡᠰᠦ ᠡᠯᠭᠦᠬᠦ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠦᠨᠳᠦᠰᠦᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠤᠬᠠᠭᠤᠯᠤᠨ ᠲᠠᠶᠢᠯᠪᠤᠷᠢᠯᠠᠵᠤ᠂ ᠲᠥᠬᠦᠮ ᠣᠶᠢᠯᠠᠭᠠᠮᠵᠢᠲᠠᠶ | ᠠᠷᠭ᠎ᠠ ᠮᠠᠶ᠋ᠢᠭ ᠢᠶᠠᠷ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠡᠯ᠎ᠡ ᠲᠥᠷᠥᠯ ᠤᠨ ᠬᠠᠤᠯᠢ ᠲᠦᠷᠢᠮ ᠤᠨ | ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠤ ᠬᠠᠤᠯᠢ ᠶᠢ ᠰᠤᠷᠬᠤ᠂ ᠬᠠᠤᠯᠢ ᠶᠢ ᠭᠡᠷᠡᠭᠯᠡᠬᠦ᠂ ᠬᠠᠤᠯᠢ ᠶᠢ | ᠰᠠᠬᠢᠬᠤ᠂ ᠬᠠᠤᠯᠢ ᠪᠠᠷ ᠵᠠᠰᠠᠬᠤ ᠤᠬᠠᠮᠰᠠᠷ ᠢ ᠨᠡᠮᠡᠭᠳᠡᠬᠦᠯᠵᠡᠢ᠃ ᠲᠠᠶᠢᠹᠤᠰᠧ ᠬᠤᠰᠢᠭᠤᠨ ᠤ ᠬᠢᠨ ︽ᠦᠨᠳᠦᠰᠦᠨ | ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠪᠠᠷ ᠲᠠᠮᠵᠢᠭᠠᠳ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠱᠤᠭᠤᠮ ᠤᠨ ᠲᠣᠭᠤᠷᠢᠨ ᠳᠤ᠂ ᠦᠨᠳᠦᠰᠦᠲᠡᠨ ᠤ | ᠲᠥᠷᠥ ᠶᠢᠨ ᠪᠣᠳᠣᠯᠭ᠎ᠠ ᠪᠠ ᠬᠠᠤᠯᠢ ᠲᠦᠷᠢᠮ ᠤᠨ ᠰᠤᠷᠤᠯᠴᠠᠯᠭ᠎ᠠ ᠤᠬᠠᠭᠤᠯᠭ᠎ᠠ ᠶᠢ ᠲᠠᠰᠤᠷᠠᠯᠲᠠ ᠥᠬᠡᠶ | ᠴᠢᠩᠭᠠᠳᠬᠠᠵᠤ ᠬᠦᠨᠵᠡᠬᠡᠶᠢᠷᠡᠬᠦᠯᠦᠨ ᠪᠤᠳᠠᠳᠠᠶᠢᠵᠢᠭᠤᠯᠬᠤ ᠪᠠᠷ ᠪᠠᠶᠢᠨ᠎ᠠ᠃ |