ᠦᠨᠳᠦᠰᠦᠨ ᠬᠠᠤᠯᠢ ᠶᠢᠨ ᠤᠬᠠᠭᠤᠯᠭ᠎ᠠ — ᠭᠦᠨᠪᠤᠯᠠᠭ ᠰᠤᠮᠤ ︽ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠶᠢ ᠪᠠᠳᠤᠯᠠᠵᠤ᠂ ᠡᠮᠡᠭᠲᠡᠶᠢᠴᠦᠳ ᠬᠡᠤᠬᠡᠳ ᠪᠠᠭᠠᠴᠤᠳ ᠤᠨ ᠡᠷᠬᠡ ᠠᠰᠢᠭ ᠢ ᠬᠠᠮᠠᠭᠠᠯᠠᠬᠤ︾ ᠬᠠᠤᠯᠢ ᠶᠢᠨ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2024/12/11
  ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ︽ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠪᠠᠭᠠᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ︾ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠪᠠᠭᠠᠴᠤᠳ ᠪᠠ ᠡᠮᠡᠭᠲᠡᠶᠢᠴᠦᠳ ᠤᠨ ᠬᠤᠯᠪᠤᠭᠠᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠭᠦᠨᠪᠤᠯᠠᠭ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠨᠢ ︽ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠶᠢ ᠪᠠᠳᠤᠯᠠᠵᠤ᠂ ᠡᠮᠡᠭᠲᠡᠶᠢᠴᠦᠳ ᠬᠡᠦᠬᠡᠳ ᠪᠠᠭᠠᠴᠤᠳ ᠤᠨ ᠡᠷᠬᠡ ᠠᠰᠢᠭ ᠢ ᠬᠠᠮᠠᠭᠠᠯᠠᠬᠤ︾ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ  ᠦᠷᠨᠢᠬᠦᠯᠵᠡᠢ᠃ ᠰᠤᠮᠤᠨ ᠤ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠨᠢᠭᠤᠷᠳᠠᠨ ᠲᠠᠶᠢᠯᠪᠤᠷᠢᠯᠠᠬᠤ ᠬᠡᠯᠪᠡᠷᠢ ᠪᠠᠷ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢᠨ ᠴᠢᠬᠤᠯᠠ ᠠᠴᠢ ᠬᠤᠯᠪᠣᠭᠳᠠᠯ ᠪᠠ ᠦᠨᠳᠦᠰᠦᠨ ᠠᠭᠤᠯᠤᠭᠳᠠᠬᠤᠨ ᠢ ᠮᠠᠯᠴᠢᠨ ᠲᠦᠮᠡᠨ ᠳᠤ ᠤᠬᠠᠭᠤᠯᠤᠨ ᠲᠦᠭᠡᠮᠡᠯᠵᠢᠭᠦᠯᠵᠦ᠂ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠤᠬᠠᠮᠰᠠᠷ ᠢ ᠬᠡᠷ ᠪᠦᠯᠢ ᠳᠤ ᠠᠭᠤᠰᠤᠯᠴᠠᠭᠤᠯᠵᠤ᠂ ᠨᠡᠶᠢᠭᠡᠮ ᠨᠡᠶᠢᠳᠡ ᠳᠤ ᠠᠭᠤᠰᠤᠯᠴᠠᠭᠤᠯᠤᠭᠰᠠᠨ ᠪᠠᠶᠢᠨ᠎ᠠ᠃ ᠡᠭᠦᠨ ᠤ ᠬᠠᠮᠲᠤ᠂ ᠡᠯ᠎ᠡ ᠭᠠᠴᠠᠭ᠎ᠠ ᠨᠢ ᠪᠠᠰᠠ ᠬᠠᠮᠢᠶ᠎ᠠ ᠪᠥᠬᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ ︽ᠢᠷᠭᠡᠨ ᠤ ᠬᠠᠤᠯᠢ ᠶᠢᠨ ᠪᠢᠴᠢᠭ︾ ︽ᠨᠠᠰᠤᠨ ᠳᠤ ᠥᠯᠥ ᠭᠦᠷᠦᠭᠰᠡᠳ ᠤᠨ ᠡᠷᠭᠡ ᠠᠰᠢᠭ ᠢ ᠬᠠᠮᠠᠭᠠᠯᠠᠬᠤ ᠬᠠᠤᠯᠢ︾ ︽ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠲᠦᠷᠢᠮ ᠢ ᠤᠬᠠᠭᠤᠯᠤᠨ᠂ ᠡᠮᠡᠭᠲᠡᠶᠢᠴᠦᠳ ᠬᠡᠤᠬᠡᠳ ᠪᠠᠭᠠᠴᠤᠳ ᠤᠨ ᠲᠣᠰ ᠪᠡᠶ᠎ᠡ ᠶᠢᠨ ᠡᠷᠬᠡ ᠠᠰᠢᠭ ᠢᠶᠠᠨ ᠪᠠᠲᠤᠯᠠᠬᠤ ᠶᠢ ᠨᠠᠩ ᠴᠢᠬᠤᠯᠠᠴᠢᠯᠠᠵᠤ᠂ ᠬᠡᠷ ᠪᠦᠯᠢ ᠶᠢᠨ ᠡᠶ᠎ᠡ ᠨᠠᠶᠢᠷ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠪᠠ᠃ ᠳᠠᠷᠠᠭᠠᠴᠢ ᠶᠢᠨ ᠠᠯᠬᠤᠮ ᠳᠤ᠂ ᠭᠦᠨᠪᠤᠯᠠᠭ ᠰᠤᠮᠤ ᠨᠢ ᠬᠠᠤᠯᠢ ᠲᠦᠷᠢᠮ ᠤᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠦᠨᠳᠦᠰᠦᠨ ᠤᠯᠤᠰ ᠤᠨ ᠪᠣᠳᠣᠯᠭ᠎ᠠ ᠶᠢ ᠬᠥᠮᠦᠰ ᠤᠨ ᠰᠡᠳᠬᠢᠯ ᠳᠤ  ᠬᠠᠳᠠᠩᠰᠢᠭᠤᠯᠤᠨ᠂ ᠣᠯᠠᠨ ᠵᠦᠢᠯ ᠤᠨ ᠠᠷᠭ᠎ᠠ ᠬᠡᠯᠪᠡᠷᠢ ᠪᠠᠷ ᠡᠮᠡᠭᠲᠡᠶᠢᠴᠦᠳ ᠬᠡᠤᠬᠡᠳ ᠪᠠᠭᠠᠴᠤᠳ ᠤᠨ ᠡᠷᠬᠡ ᠠᠰᠢᠭ ᠢ ᠬᠠᠮᠠᠭᠠᠯᠠᠬᠤ ᠠᠵᠢᠯᠯᠠᠭ᠎ᠠ ᠥᠷᠨᠢᠭᠦᠯᠵᠦ᠂ ᠡᠮᠡᠭᠲᠡᠶᠢᠴᠦᠳ ᠬᠡᠤᠬᠡᠳ ᠪᠠᠭᠠᠴᠤᠳ ᠤᠨ ᠠᠮᠤᠷ ᠲᠦᠪᠰᠢᠨ ᠤ ᠲᠥᠷᠥᠭᠳᠡᠯ ᠪᠠ ᠠᠵᠠ ᠵᠢᠷᠭᠠᠯ ᠤᠨ ᠲᠥᠷᠥᠭᠳᠡᠯ ᠢ ᠪᠥᠬᠦ ᠲᠠᠯ᠎ᠠ ᠪᠠᠷ ᠨᠡᠮᠡᠭᠳᠡᠬᠦᠯᠦᠨ᠂  ᠡᠮᠡᠭᠲᠡᠶᠢᠴᠦᠳ ᠬᠡᠤᠬᠡᠳ ᠪᠠᠭᠠᠴᠤᠳ ᠤᠨ ᠪᠥᠬᠦ ᠲᠠᠯ᠎ᠠ ᠶᠢᠨ ᠬᠦᠭᠵᠢᠯᠳᠡ ᠶᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号