ᠲᠠᠶᠢᠹᠤᠰᠧ ᠬᠤᠰᠢᠭᠤ  ︽ᠭᠤᠷᠪᠠᠨ ᠪᠤᠭᠤᠮᠳᠠ︾᠎ ᠶᠢ ᠴᠢᠩᠭ᠎ᠠ ᠰᠠᠬᠢᠵᠤ ᠨᠠᠮ ᠤᠨ ᠭᠠᠳᠠᠨᠠᠬᠢ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/12/13
   ᠤᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤ ᠨᠢ ᠰᠢᠰᠲ᠋ᠧᠮᠳᠦ ᠴᠢᠨᠠᠷ ᠪᠠ ᠪᠠᠷᠠᠭᠠᠯᠠᠯᠳᠤ ᠴᠢᠨᠠᠷ ᠢ ᠲᠤᠪᠤᠶᠢᠯᠭᠠᠨ᠂ ︽ᠰᠣᠩᠭᠤᠬᠤ᠂ ᠬᠥᠮᠦᠵᠢᠭᠦᠯᠬᠦ᠂ ᠬᠠᠮᠢᠶᠠᠷᠬᠤ︾ ᠭᠤᠷᠪᠠᠨ ᠶᠡᠭᠡ ᠪᠣᠭᠤᠮᠲᠠ ᠶᠢ ᠴᠢᠩᠭ᠎ᠠ ᠰᠠᠬᠢᠵᠤ᠂ ᠨᠠᠮ ᠤᠨ ᠭᠠᠳᠠᠨᠠᠬᠢ ᠺᠠᠳ᠋ᠷ ᠤᠨ ᠡᠩᠨᠡᠭᠡᠨ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠤᠨ᠂  ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠢᠲᠠᠢ ᠬᠥᠭᠵᠢᠯᠲᠡ ᠶᠢ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠨᠡᠮᠡᠷᠢᠯᠡᠪᠡ᠃    ᠨᠢᠭᠡ ᠳᠤ᠂ ᠰᠣᠩᠭᠤᠨ ᠲᠣᠮᠢᠯᠠᠬᠤ ᠪᠣᠭᠤᠮᠲᠠ ᠶᠢ ᠴᠢᠩᠭ᠎ᠠ ᠠᠳᠬᠤᠭᠰᠠᠨ᠃ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠤᠨ ᠴᠢᠳᠠᠪᠤᠷᠢᠲᠠᠨ ᠤ ᠬᠥᠮᠥᠷᠭᠡ ᠶᠢ ᠲᠡᠭᠦᠯᠳᠡᠷᠵᠢᠭᠦᠯᠵᠦ᠂ ᠨᠠᠮ ᠤᠨ ᠭᠠᠳᠠᠨᠠᠬᠢ ᠺᠠᠳ᠋ᠷ ᠢ ᠬᠥᠮᠦᠵᠢᠭᠦᠯᠬᠦ᠂ ᠰᠢᠯᠢᠨ ᠳᠡᠪᠰᠢᠭᠦᠯᠬᠦ᠂ ᠲᠠᠨᠢᠯᠴᠠᠭᠤᠯᠬᠤ᠂ ᠲᠣᠮᠢᠯᠠᠨ ᠬᠡᠷᠡᠭᠯᠡᠬᠦ ᠳᠤ ᠪᠠᠲᠤ ᠪᠠᠬᠢ ᠰᠠᠭᠤᠷᠢᠨ ᠭᠠᠵᠠᠷ ᠢ ᠪᠠᠶᠢᠭᠤᠯᠵᠤ᠂ ᠡᠯ᠎ᠡ ᠬᠦᠷᠢᠶ᠎ᠡ ᠴᠠᠷᠠᠭ᠎ᠠ ᠳᠠᠬᠢ ᠨᠠᠮ ᠤᠨ ᠭᠠᠳᠠᠨᠠᠬᠢ ᠰᠢᠯᠢᠳᠡᠭ ᠴᠢᠳᠠᠪᠤᠷᠢᠲᠠᠨ ᠢ ᠥᠷᠭᠡᠨ ᠭᠡᠪᠴᠢᠶ᠎ᠡ ᠎ ᠪᠠᠷ ᠡᠯᠰᠡᠵᠡᠢ᠃ ︽ᠪᠦᠬᠦ ᠬᠤᠰᠢᠭᠤᠨ ᠤ ᠨᠠᠮ ᠤᠨ ᠭᠠᠳᠠᠨᠠᠬᠢ ᠰᠠᠯᠠᠭᠠᠨ ᠲᠡᠰ ᠤᠨ ᠺᠠᠳ᠋ᠷ ᠤᠨ ᠪᠠᠶᠢᠳᠠᠯ ᠢ ᠣᠶᠢᠯᠠᠭᠠᠬᠤ ᠲᠤᠬᠠᠢ ᠮᠡᠳᠡᠭᠳᠡᠯ︾᠎ ᠢ ᠪᠠᠭᠤᠯᠭᠠᠨ᠂ ᠪᠦᠬᠦ ᠬᠤᠰᠢᠭᠤᠨ ᠤ ᠨᠠᠮ ᠤᠨ ᠭᠠᠳᠠᠨᠠᠬᠢ ᠤᠳᠤᠷᠢᠳᠬᠤ ᠺᠠᠳ᠋ᠷ ᠤᠨ ᠪᠠᠶᠢᠳᠠᠯ ᠢ ᠨᠠᠷᠢᠨ ᠣᠶᠢᠯᠠᠭᠠᠵᠤ᠂ ᠨᠠᠮ ᠤᠨ ᠭᠠᠳᠠᠨᠠᠬᠢ ᠤᠳᠤᠷᠢᠳᠬᠤ ᠺᠠᠳ᠋ᠷ ᠤᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠭᠠᠳ᠂ 32 ᠤᠳᠤᠷᠢᠳᠬᠤ ᠺᠠᠳ᠋ᠷ ᠢ ᠬᠥᠮᠥᠷᠭᠡ ᠳᠤ ᠣᠷᠣᠭᠤᠯᠪᠠ᠃    ᠬᠤᠶᠠᠷ ᠲᠤ᠂ ᠬᠥᠮᠦᠵᠢᠭᠦᠯᠬᠦ ᠪᠣᠭᠤᠮᠲᠠ ᠶᠢ ᠴᠢᠩᠭ᠎ᠠ ᠠᠳᠬᠤᠭᠰᠠᠨ᠃ ᠨᠠᠮ ᠤᠨ ᠭᠠᠳᠠᠨᠠᠬᠢ ᠺᠠᠳ᠋ᠷ ᠤᠨ ᠪᠣᠯᠪᠠᠰᠤᠷᠠᠯ ᠬᠥᠮᠦᠵᠢᠯ ᠢ ᠪᠥᠬᠦ ᠬᠤᠰᠢᠭᠤᠨ ᠤ ᠴᠢᠳᠠᠪᠤᠷᠢᠲᠠᠨ ᠤ ᠪᠣᠯᠪᠠᠰᠤᠷᠠᠯ ᠬᠥᠮᠦᠵᠢᠯ  ᠤᠨ ᠶᠡᠷᠦᠩᠬᠡᠶ ᠲᠥᠯᠥᠪᠵᠢᠭᠦᠯᠭᠡ ᠳᠤ  ᠤᠷᠤᠭᠤᠯᠤᠨ᠂  ᠬᠢᠴᠢᠶᠡᠯ ᠪᠣᠯᠪᠠᠰᠤᠷᠠᠯ ᠤᠨ ᠲᠥᠯᠥᠪᠯᠡᠭᠡ ᠶᠢ ᠨᠠᠷᠢᠨ ᠨᠢᠮᠪᠠᠢ ᠰᠤᠳᠤᠯᠤᠨ ᠲᠣᠭᠲᠠᠭᠠᠵᠤ᠂ ᠨᠠᠮ ᠤᠨ ᠭᠠᠳᠠᠨᠠᠬᠢ ᠺᠠᠳ᠋ᠷᠴᠤᠳ ᠎ ᠤᠨ ᠲᠤᠰᠬᠠᠶ ᠰᠡᠳᠦᠪᠲᠦ ᠪᠣᠯᠪᠠᠰᠤᠷᠠᠯ ᠢ ᠡᠷᠬᠢᠯᠡᠨ᠂ ᠨᠠᠮ ᠤᠨ ᠭᠠᠳᠠᠨᠠᠬᠢ ᠺᠠᠳ᠋ᠷ ᠤᠨ ᠤᠯᠤᠰ ᠲᠥᠷᠥ ᠶᠢᠨ ᠬᠡᠪ ᠴᠢᠨᠠᠷ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠨᠠᠮ ᠪᠦᠯᠦᠭ ᠤᠨ ᠪᠤᠰᠤ ᠬᠥᠮᠦᠰ᠂ ᠨᠠᠮ ᠤᠨ ᠭᠠᠳᠠᠨᠠᠬᠢ ᠰᠠᠯᠠᠭᠠᠨ ᠲᠠᠰ ᠤᠨ ᠺᠠᠳ᠋ᠷ᠂ ᠨᠠᠮ ᠤᠨ ᠭᠠᠳᠠᠨᠠᠬᠢ ᠰᠡᠬᠡᠭᠡᠲᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠰᠬᠠᠶ ᠰᠡᠳᠦᠪᠲᠦ ᠰᠤᠷᠤᠯᠭ᠎ᠠ ᠪᠣᠯᠪᠠᠰᠤᠷᠠᠯ︾᠎ ᠎ ᠢ 5 ᠤᠳᠠᠭ᠎ᠠ ᠡᠷᠬᠢᠯᠡᠵᠡᠢ᠃    ᠭᠤᠷᠪᠠ ᠳᠤ᠂ ᠬᠠᠮᠢᠶᠠᠷᠤᠯᠲᠠ ᠶᠢᠨ ᠪᠣᠭᠤᠮᠲᠠ ᠶᠢ ᠴᠢᠩᠭ᠎ᠠ ᠠᠳᠬᠤᠭᠰᠠᠨ᠃ ᠨᠠᠮ ᠤᠨ ᠭᠠᠳᠠᠨᠠᠬᠢ ᠺᠠᠳ᠋ᠷᠴᠤᠳ ᠤᠨ ᠬᠢᠨᠠᠯᠳᠠ ᠬᠠᠮᠢᠶᠠᠷᠤᠯᠲᠠ ᠶᠢᠨ ᠲᠣᠭᠲᠠᠴᠠ ᠶᠢ ᠲᠡᠬᠦᠯᠳᠡᠷᠵᠢᠬᠦᠯᠦᠨ᠂ ᠨᠠᠮ ᠤᠨ ᠭᠠᠳᠠᠨᠠᠬᠢ ᠺᠠᠳ᠋ᠷᠴᠤᠳ ᠤᠨ ᠤᠯᠤᠰ ᠲᠦᠷᠦ ᠶᠢᠨ ᠵᠣᠭᠰᠣᠴᠠ ᠪᠠᠨ ᠪᠠᠲᠤᠳᠬᠠᠬᠤ ᠶᠢ ᠠᠬᠢᠭᠤᠯᠵᠤ᠂  ︽ᠬᠤᠶᠠᠷ ᠰᠤᠷᠪᠤᠯᠵᠢᠯᠠᠭ᠎ᠠ︾᠂ ︽ᠬᠤᠶᠠᠷ ᠮᠡᠳᠡᠬᠦᠯᠦᠯᠳᠡ︾᠎ ᠶᠢᠨ ᠠᠵᠢᠯ ᠢ ᠦᠷᠨᠢᠬᠦᠯᠦᠨ᠂ ᠨᠠᠮ ᠤᠨ ᠭᠠᠳᠠᠨᠠᠬᠢ ᠺᠠᠳ᠋ᠷᠴᠤᠳ ᠤᠨ ᠠᠵᠢᠯ ᠬᠢᠵᠦ ᠦᠢᠯᠡᠰ ᠪᠦᠳᠦᠭᠡᠬᠦ ᠢᠳᠡᠪᠬᠢᠵᠢᠯ ᠢ ᠲᠠᠶᠢᠴᠢᠯᠠᠪᠠ᠃  ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ 21 ᠨᠠᠮ ᠤᠨ ᠭᠡᠰᠢᠭᠦᠨ ᠤᠳᠤᠷᠢᠳᠬᠤ ᠺᠠᠳ᠋ᠷ ᠨᠢ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠲᠠᠢ ᠨᠥᠬᠦᠷᠰᠡᠭ ᠢᠶᠠᠷ ᠬᠠᠷᠢᠯᠴᠠᠵᠤ᠂ ᠪᠠᠶᠢᠴᠠᠭᠠᠨ ᠰᠤᠳᠤᠯᠤᠯᠲᠠ ᠬᠢᠬᠦ᠂ ᠰᠡᠳᠬᠢᠯ ᠤᠨ ᠦᠭᠡ ᠪᠠᠨ ᠶᠠᠷᠢᠯᠴᠠᠬᠤ᠂ ᠬᠦᠴᠢᠷᠳᠡᠢ ᠠᠰᠠᠭᠤᠳᠠᠯ ᠢ ᠰᠢᠢᠳᠪᠦᠷᠢᠯᠡᠬᠦ ᠵᠡᠷᠭᠡ ᠠᠷᠭ᠎ᠠ ᠬᠡᠯᠪᠡᠷᠢ ᠪᠠᠷ ᠨᠠᠮ ᠤᠨ ᠭᠠᠳᠠᠨᠠᠬᠢ ᠺᠠᠳ᠋ᠷᠴᠤᠳ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠯᠭ᠎ᠠ ᠶᠢ ᠴᠢᠩᠭᠠᠳᠬᠠᠭᠰᠠᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号