12 ᠰᠠᠷ᠎ᠠ ᠶᠢᠨ 10 ᠤ ᠡᠳᠦᠷ ᠠᠴᠠ 12 ᠤᠨ ᠡᠳᠦᠷ ᠪᠣᠯᠲᠠᠯ᠎ᠠ᠂ ᠠᠶᠢᠮᠠᠭ ᠤᠨ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠳ᠋ᠦᠩ ᡁᠢ ᠵᠢᠶᠦ᠋ᠨ ᠵᠡᠷᠭᠡ ᠬᠦᠮᠦᠰ ᠲᠠᠶᠢᠹᠤᠰᠧ ᠬᠤᠰᠢᠭᠤᠨ ᠳᠤ | ᠬᠦᠨᠵᠡᠬᠡᠶᠢᠷᠡᠵᠦ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠠᠵᠢᠯ ᠪᠠ ᠡᠳ᠋ ᠤᠨ ᠶᠠᠪᠤᠳᠠᠯ ᠤᠨ ᠠᠵᠢᠯ ᠢ | ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠠᠵᠢᠯᠯᠠᠬᠤ ᠳᠤᠭᠤᠶᠢᠯᠠᠩ ᠤᠨ ᠬᠢᠨ ᠶᠠᠷᠢᠯᠴᠠᠬᠤ ᠬᠤᠷᠠᠯ | ᠬᠤᠷᠠᠯᠳᠤᠭᠤᠯᠵᠤ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠢ ᠤᠶᠢᠯᠠᠭᠠᠭᠰᠠᠨ ᠪᠦᠭᠡᠳ 2019 ᠤᠨ ᠠᠴᠠ 2024 ᠣᠨ ᠤ 11 | ᠰᠠᠷ᠎ᠠ ᠶᠢᠨ ᠰᠡᠭᠦᠯᠴᠢ ᠬᠦᠷᠳᠡᠯᠡᠬᠢ ᠲᠤᠬᠠᠶᠢᠯᠠᠭᠰᠠᠨ ᠠᠵᠢᠯ ᠪᠠ ᠡᠳ᠋ ᠤᠨ ᠶᠠᠪᠤᠳᠠᠯ ᠤᠨ ᠵᠠᠷᠤᠯᠭ᠎ᠠ ᠶᠢᠨ ᠲᠤᠭ᠎ᠠ | ᠪᠠᠷᠢᠮᠲᠠ ᠶᠢ ᠬᠠᠷᠭᠤᠭᠤᠯᠤᠨ ᠪᠠᠶᠢᠴᠠᠭᠠᠵᠤ᠂ ᠪᠤᠳᠠᠳᠠᠢ ᠠᠵᠢᠯ ᠤᠨ ᠲᠠᠯ᠎ᠠ ᠪᠠᠷ ᠰᠠᠨᠠᠯ ᠰᠠᠨᠠᠭᠤᠯᠭ᠎ᠠ ᠲᠤᠷᠠᠳᠴᠠᠢ᠃ | ᠠᠵᠢᠯᠯᠠᠬᠤ ᠳᠤᠭᠤᠶᠢᠯᠠᠩ ᠠᠴᠠ᠂ ᠡᠮᠨᠡᠯᠭᠡ ᠶᠢᠨ ᠳᠠᠭᠠᠳᠬᠠᠯ ᠤᠨ ᠬᠠᠮᠢᠶᠠᠳᠠᠢ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢ ᠴᠢᠩᠭᠠᠳᠬᠠᠵᠤ᠂ ᠤᠬᠠᠭᠤᠯᠭ᠎ᠠ ᠶᠢᠨ ᠠᠷᠭ᠎ᠠ ᠮᠠᠶ᠋ᠢᠭ ᠢ ᠰᠢᠨᠡᠴᠢᠯᠡᠨ᠂ ᠣᠯᠠᠨ ᠲᠦᠮᠡᠨ ᠤ | ᠲᠠᠨᠢᠯᠲᠠ ᠶᠢ ᠲᠡᠭᠡᠭᠰᠢᠯᠡᠬᠦᠯᠵᠦ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠦᠷᠭᠡᠳᠭᠡᠨ᠂ ᠰᠠᠭᠤᠷᠢ ᠮᠥᠩᠭᠦ ᠶᠢᠨ | ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ᠃ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ ᠳᠠᠭᠠᠳᠬᠠᠯ | ᠤᠨ ᠮᠡᠬᠡᠯᠡᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠳᠦᠷ ᠲᠤᠳᠤᠮ ᠤᠨ ᠪᠠᠶᠢᠴᠠᠭᠠᠯᠲᠠ ᠶᠢ ᠰᠠᠶᠢᠨ | ᠬᠢᠵᠦ᠂ ᠣᠶᠤᠨᠴᠢ ᠬᠢᠨᠠᠨ ᠬᠠᠷᠭᠤᠭᠤᠯᠬᠤ ᠰᠢᠰᠲ᠋ᠧᠮ ᠢ ᠰᠠᠶᠢᠲᠤᠷ ᠭᠡᠷᠡᠭᠯᠡᠨ᠂ ᠰᠠᠭᠤᠷᠢ ᠮᠥᠩᠭᠦ ᠶᠢᠨ ᠠᠮᠤᠷ | ᠲᠦᠪᠰᠢᠨ ᠪᠠ ᠡᠮᠨᠡᠯᠭᠡ ᠶᠢᠨ ᠲᠠᠭᠠᠳᠬᠠᠯ ᠤᠨ ᠲᠦᠷᠢᠮ ᠲᠣᠭᠲᠠᠭᠠᠯ ᠳᠤ ᠨᠡᠶᠢᠴᠡᠬᠦ ᠶᠢ ᠦᠨᠡᠨ ᠬᠦ ᠪᠠᠲᠤᠯᠠᠬᠤ | ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ |