ᠪᠤᠤᠴᠠᠩ ᠪᠠᠯᠭᠠᠰᠤ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠵᠢᠯ ᠤᠨ ᠡᠴᠦᠰ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/12/16
  12 ᠰᠠᠷ᠎ᠠ ᠶᠢᠨ 13 ᠤ ᠡᠳᠦᠷ᠂ ᠪᠤᠤᠴᠠᠩ ᠪᠠᠯᠭᠠᠰᠤ ᠨᠢ 2024 ᠣᠨ ᠤ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠤᠨ ᠵᠢᠯ ᠤᠨ ᠡᠴᠦᠰ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ ᠬᠤᠷᠠᠯ ᠢ ᠡᠷᠬᠢᠯᠡᠨ᠂ ᠳᠡᠳ᠋ ᠪᠠᠯᠭᠠᠰᠤᠨ ᠳᠠᠷᠤᠭ᠎ᠠ ᠯᠢᠦ ᠴᠦᠨ ᠵᠢᠶᠧ᠂ ᠡᠯ᠎ᠡ ᠲᠤᠰᠬᠤᠨ ᠤ ᠠᠵᠢᠯᠯᠠᠬᠤ ᠠᠩᠭᠢ ᠶᠢᠨ ᠭᠡᠰᠢᠭᠦᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂  ᠠᠵᠢᠯᠯᠠᠬᠤ ᠠᠩᠭᠢ ᠶᠢᠨ ᠭᠡᠰᠢᠭᠦᠳ ᠠᠴᠠ ᠡᠯ᠎ᠡ ᠲᠣᠰᠬᠤᠨ ᠤ ᠦᠨᠳᠦᠰᠦᠨ ᠪᠠᠶᠢᠳᠠᠯ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠠᠵᠢᠯ ᠤᠨ ᠠᠮᠵᠢᠯᠳᠠ ᠠᠬᠢᠴᠠ ᠪᠠᠨ ᠬᠠᠷᠢᠭᠤ ᠮᠡᠳᠡᠭᠦᠯᠦᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠦᠯᠦᠪᠯᠡᠭᠡ ᠪᠠᠨ ᠬᠠᠷᠢᠭᠤ ᠮᠡᠳᠡᠭᠦᠯᠵᠡᠶ᠃ ᠬᠤᠷᠠᠯ ᠠᠴᠠ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠠᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢᠨ ᠵᠠᠩᠭᠢᠯᠠᠭ᠎ᠠ ᠪᠣᠯᠤᠨ᠎ᠠ᠂  ᠡᠷᠭᠡᠪᠰᠢ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠵᠤ᠂ ᠠᠵᠢᠯ ᠤᠨ ᠡᠷᠴᠢᠮ ᠢ ᠲᠠᠰᠤᠷᠠᠯᠳᠠ ᠦᠬᠡᠢ ᠴᠢᠩᠭᠠᠷᠠᠭᠤᠯᠤᠨ᠂ ᠠᠵᠢᠯ ᠤᠨ ᠠᠷᠭ᠎ᠠ ᠬᠡᠯᠪᠡᠷᠢ ᠪᠠᠨ ᠰᠢᠨᠡᠴᠢᠯᠡᠨ ᠥᠷᠭᠡᠳᠬᠡᠵᠦ᠂  ᠵᠦᠷᠢᠶ᠎ᠡ ᠲᠤᠳᠠᠭᠳᠠᠯ ᠢᠶᠠᠨ  ᠪᠠᠶᠢᠴᠠᠭᠠᠵᠤ ᠨᠦᠬᠦᠪᠦᠷᠢᠯᠡᠨ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠷᠭᠦᠯᠵᠢᠯᠡᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ ᠲᠦᠷᠦᠯ ᠤᠨ ᠠᠵᠢᠯ ᠢ ᠨᠠᠷᠢᠯᠢᠭ ᠪᠥᠭᠡᠳ ᠪᠣᠳᠠᠲᠠᠢ ᠬᠢᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号