ᠬᠤᠩ ᠴᠢ ᠪᠠᠯᠭᠠᠰᠤ᠄ ᠡᠬᠦᠳᠦᠨ ᠪᠠᠶᠢᠭᠤᠯᠬᠤ ᠠᠵᠢᠯ ᠢ ᠴᠢᠩᠭᠠᠳᠬᠠᠵᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/12/16
  ᠤᠶᠢᠷ᠎ᠠ ᠶᠢᠨ ᠵᠢᠯ ᠳᠤ᠂ ᠬᠤᠩ ᠴᠢ ᠪᠠᠯᠭᠠᠰᠤ ᠨᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠣᠨᠣᠯ ᠤᠨ ᠰᠤᠷᠤᠯᠴᠠᠯᠭ᠎ᠠ ᠶᠢᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠤᠯᠭᠠᠵᠤ᠂ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠤᠨ᠂ ᠦᠨᠳᠦᠰᠦᠲᠡᠨ ᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠣᠶ ᠪᠣᠯᠭᠠᠵᠤ᠂ ᠲᠦᠷᠢᠮᠵᠢᠬᠦᠯᠦᠯᠳᠡ ᠪᠠ ᠪᠠᠶᠢᠩᠭᠤᠵᠢᠭᠤᠯᠤᠯᠳᠠ ᠪᠠᠷ ᠦᠨᠳᠦᠰᠦᠲᠡᠨ ᠤ ᠠᠵᠢᠯ ᠢ ᠴᠢᠨᠠᠭᠰᠢᠳᠠ ᠠᠬᠢᠭᠤᠯᠤᠨ᠂ ᠨᠠᠮ ᠤᠨ ᠦᠨᠳᠦᠰᠦᠲᠡᠨ ᠤ ᠬᠠᠤᠯᠢ ᠲᠦᠷᠢᠮ ᠪᠣᠯᠤᠨ ᠲᠥᠷᠥ ᠶᠢᠨ ᠪᠣᠳᠣᠯᠭ᠎ᠠ ᠶᠢ ᠤᠨᠤᠯ ᠰᠤᠷᠤᠯᠴᠠᠬᠤ ᠭᠤᠣᠯ ᠳᠤᠭᠤᠶᠢᠯᠠᠩ ᠪᠠ ᠪᠠᠶᠢᠭᠤᠯᠭ᠎ᠠ ᠶᠢᠨ ᠨᠠᠮ ᠤᠨ ᠡᠭᠦᠷ ᠤᠨ ᠰᠤᠷᠤᠯᠴᠠᠬᠤ ᠲᠥᠯᠥᠪᠯᠡᠭᠡ ᠳᠤ ᠣᠷᠣᠭᠤᠯᠵᠤ᠂ ᠦᠨᠳᠦᠰᠦᠲᠡᠨ ᠤ ᠠᠵᠢᠯ ᠢ ᠨᠠᠮ ᠤᠨ ᠬᠤᠷᠢᠶᠠᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠤᠷᠤᠭᠤᠯᠤᠨ᠂ ᠨᠠᠮ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠳᠤ ᠤᠷᠤᠭᠤᠯᠤᠭᠰᠠᠨ ᠪᠠᠶᠢᠨ᠎ᠠ᠃     ᠬᠤᠩ ᠴᠢ ᠪᠠᠯᠭᠠᠰᠤ ᠨᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠤᠨᠴᠠᠯᠢᠭᠳᠤ ᠠᠭᠤᠯᠬᠤᠨ ᠢ ᠥᠷᠭᠡᠳᠬᠡᠵᠦ ᠠᠷᠠᠳ ᠤᠨ ᠲᠥᠯᠥᠭᠡ ᠬᠡᠮᠡᠬᠦ ᠤᠳᠤᠷᠢᠳᠤᠮᠵᠢ ᠶᠢ ᠳᠣᠪᠤᠶᠢᠯᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠣᠳᠣᠬᠠᠨ ᠤ ᠡᠯ᠎ᠡ ᠲᠦᠷᠦᠯ ᠤᠨ ᠠᠵᠢᠯ ᠤᠨ ᠲᠤᠮᠳᠠ ᠠᠭᠤᠰᠬᠠᠨ ᠤᠷᠤᠭᠤᠯᠵᠠᠢ᠃ ᠡᠨᠡ ᠵᠢᠯ᠂ ᠬᠤᠩ ᠴᠢ ᠲᠣᠰᠬᠤᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠶᠢᠨ ᠲᠥᠷᠥᠯ ᠵᠦᠢᠯ ᠢ ᠠᠮᠵᠢᠯᠲᠠ ᠲᠠᠢ ᠭᠡᠷᠡᠭᠵᠢᠬᠦᠯᠵᠦ᠂ ᠱᠤᠸᠠᠩ ᠱᠧᠩ ᠲᠣᠰᠬᠤᠨ᠂ ᠳ᠋ᠦᠩ ᠭᠤᠸᠠᠩ ᠲᠣᠰᠬᠤᠨ ᠵᠡᠷᠭᠡ 7 ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠲᠥᠷᠥᠯ ᠵᠦᠢᠯ ᠢ ᠪᠥᠬᠦ ᠲᠠᠯ᠎ᠠ ᠪᠠᠷ ᠭᠡᠷᠡᠭᠵᠢᠬᠦᠯᠦᠭᠰᠡᠨ ᠪᠦᠭᠡᠳ 505 ᠡᠷᠦᠬᠡ ᠳᠤ ᠴᠡᠪᠡᠷ ᠲᠤᠯᠠᠭᠠᠯᠠᠭ᠎ᠠ ᠶᠢᠨ ᠲᠥᠬᠦᠭᠡᠷᠦᠮᠵᠢ ᠤᠭᠰᠠᠷᠠᠵᠤ᠂  539 ᠬᠥᠮᠦᠨ ᠳᠤ ᠲᠦᠷ ᠴᠠᠭ ᠤᠨ ᠠᠪᠤᠷᠠᠨ ᠲᠤᠰᠠᠯᠠᠬᠤ ᠮᠦᠩᠬᠦ ᠶᠢ ᠤᠯᠭᠤᠨ᠂ 86  ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠤᠭᠰᠠᠨ ᠪᠠᠶᠢᠨ᠎ᠠ᠃ ᠭᠡᠷ ᠲᠤᠨᠢ ᠬᠦᠷᠴᠦ ︽ᠬᠠᠪᠰᠤᠷᠤᠨ ᠭᠦᠢᠴᠡᠳᠬᠡᠬᠦ ᠪᠤᠶᠤ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠵᠦᠢᠯᠡᠰ ᠢ 4800 ᠭᠠᠷᠤᠢ ᠬᠤᠪᠢ ᠪᠡᠶᠡᠯᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠪᠠᠷ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠦᠢᠯᠡᠳᠪᠦᠷᠢᠯᠡᠯ ᠠᠮᠢᠳᠤᠷᠠᠯ ᠤᠨ ᠬᠥᠭᠵᠢᠯᠲᠡ ᠶᠢ ᠠᠬᠢᠭᠤᠯᠤᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠯᠤᠯᠳᠠ ᠬᠦᠷᠲᠡᠮᠵᠢ ᠶᠢᠨ ᠲᠦᠷᠦᠭᠳᠡᠯ᠂  ᠠᠵᠠ ᠵᠢᠷᠭᠠᠯ ᠤᠨ ᠲᠦᠷᠦᠭᠳᠡᠯ ᠢ ᠨᠡᠮᠡᠭᠳᠡᠬᠦᠯᠪᠡ᠃    ᠬᠤᠩ ᠴᠢ ᠪᠠᠯᠭᠠᠰᠤ ᠨᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ︽ ᠭᠠᠷ ᠬᠤᠯᠪᠤᠯᠴᠠᠨ ᠪᠦᠯᠬᠦᠮᠳᠡᠯ ᠤᠨ ᠤᠢ ᠶᠢ ᠬᠠᠮᠳᠤ ᠪᠠᠷ ᠪᠠᠶᠢᠭᠤᠯᠵᠤ  ︿ᠤᠮᠠᠷᠠᠲᠤ ᠶᠢᠨ ᠭᠤᠷᠪᠠᠨ ᠤᠷᠤᠨ﹀  ᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠬᠦᠴᠦᠨ ᠨᠡᠮᠡᠷᠢᠯᠡᠬᠦ︾ ︽ᠡᠮᠡᠭᠲᠡᠶᠢᠴᠦᠳ ᠤᠨ ᠬᠦᠴᠦᠨ ᠴᠢᠳᠠᠯ ᠢ ᠨᠢᠭᠲᠠᠷᠠᠭᠤᠯᠵᠤ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠠᠬᠢᠭᠤᠯᠬᠤ︾᠂ ︽ᠨᠠᠮ ᠤᠨ  ᠢᠶᠠᠨ ᠠᠴᠢ ᠳᠤ ᠲᠠᠯᠠᠷᠬᠠᠬᠤ᠂ ᠨᠠᠮ ᠤᠨ ᠢᠶᠠᠨ ᠦᠭᠡ ᠶᠢ ᠰᠣᠨᠣᠰᠬᠤ᠂ ᠨᠠᠮ ᠢᠶᠠᠨ ᠲᠠᠭᠠᠵᠤ ᠤᠷᠤᠭᠰᠢᠯᠠᠬᠤ︾ ᠤᠯᠠᠨ ᠲᠦᠮᠡᠨᠴᠢ ᠬᠥᠮᠦᠵᠢᠯ ᠵᠡᠷᠭᠡ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢ ᠢᠳᠡᠪᠬᠢᠳᠡᠢ ᠦᠷᠨᠢᠬᠦᠯᠦᠭᠰᠡᠨ ᠪᠠᠶᠢᠨ᠎ᠠ᠃ ᠤᠬᠠᠭᠤᠯᠭ᠎ᠠ ᠶᠢᠨ ᠵᠠᠭᠪᠤᠷ ᠢ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠭᠤᠯᠭ᠎ᠠ ᠶᠢ ᠲᠣᠰᠬᠤᠨ ᠤ ᠳᠦᠷᠢᠮ ᠢᠷᠭᠡᠳ ᠤᠨ ᠭᠡᠷ᠎ᠡ ᠳᠤ  ᠤᠷᠤᠭᠤᠯᠤᠨ᠂ ᠭᠤᠣᠯ ᠰᠡᠳᠦᠪᠲᠦ ᠬᠦᠳᠡᠯᠪᠦᠷᠢ ᠠᠵᠢᠯᠯᠠᠭ᠎ᠠ ᠡᠷᠬᠢᠯᠡᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂  ᠤᠬᠠᠭᠤᠯᠭ᠎ᠠ ᠶᠢᠨ ᠪᠢᠴᠢᠭᠡᠰᠦ ᠡᠯᠭᠦᠬᠦ᠂  ᠤᠬᠠᠭᠤᠯᠭ᠎ᠠ ᠶᠢᠨ ᠵᠠᠷᠯᠠᠯ ᠨᠠᠭᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠥᠷᠭᠡᠨ ᠤᠯᠠᠨ ᠺᠠᠳ᠋ᠷ ᠤᠯᠠᠨ ᠲᠦᠮᠡᠨ ᠤ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢᠨ ᠲᠤᠬᠠᠢ ᠮᠡᠳᠡᠯᠭᠡ ᠲᠠᠨᠢᠯᠳᠠ ᠶᠢᠨ ᠲᠦᠪᠰᠢᠨ ᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠵᠡᠯ ᠰᠠᠨᠠᠭᠠᠨ ᠤ ᠰᠠᠭᠤᠷᠢ ᠶᠢ ᠪᠠᠳᠤᠳᠬᠠᠨ᠂ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠨᠡᠮᠡᠭᠳᠡᠬᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号