ᠪᠦᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠲᠤ᠄ | ᠡᠮᠨᠡᠯᠭᠡ ᠶᠢᠨ ᠳᠠᠭᠠᠳᠬᠠᠯ ᠤᠨ ᠰᠦᠢᠳᠬᠡᠯ ᠢᠶᠠᠨ ᠴᠠᠭ ᠲᠤᠬᠠᠢ ᠳᠤᠨᠢ ᠲᠤᠰᠢᠶᠠᠬᠤ ᠨᠢ ᠡᠷᠬᠢᠮ ᠲᠠᠨ ᠤ ᠠᠮᠢ | ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠲᠠᠨ ᠤ ᠡᠪᠡᠳᠴᠢᠨ ᠲᠠᠬᠤᠯ ᠢᠶᠠᠨ ᠦᠵᠡᠭᠦᠯᠬᠦ ᠳᠤ ᠪᠠᠳᠤᠯᠠᠭ᠎ᠠ | ᠬᠠᠩᠭᠠᠨ᠎ᠠ᠃ ᠰᠦᠢᠳᠭᠡᠯ ᠢᠶᠠᠨ ᠴᠠᠭ ᠲᠤᠨᠢ ᠲᠤᠰᠢᠶᠠᠵᠤ ᠬᠠᠷᠠᠭᠠᠯᠵᠠᠯ ᠢ ᠴᠠᠭ ᠲᠤᠨᠢ ᠭᠥᠷᠳᠡᠬᠦ ᠶᠢᠨ ᠲᠥᠯᠥᠭᠡ | ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠶᠢᠯᠠᠭᠠᠨ ᠠᠪᠬᠤ ᠪᠤᠯᠪᠠᠤ᠃ | 1. ᠲᠤᠰᠢᠶᠠᠬᠤ ᠴᠠᠭ ᠬᠤᠭᠤᠴᠠᠭ᠎ᠠ᠄ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠢ ᠲᠤᠰᠢᠶᠠᠬᠤ ᠬᠤᠭᠤᠴᠠᠭ᠎ᠠ ᠨᠢ 2024 ᠣᠨ ᠤ 9 | ᠰᠠᠷ᠎ᠠ ᠶᠢᠨ 1 ᠤ ᠡᠳᠦᠷ ᠠᠴᠠ 2025 ᠣᠨ ᠤ 2 ᠰᠠᠷ᠎ᠠ ᠶᠢᠨ 28 ᠤ ᠡᠳᠦᠷ ᠪᠣᠯᠲᠠᠯ᠎ᠠ᠃ | ᠬᠤᠭᠤᠴᠠᠭ᠎ᠠ ᠦᠩᠭᠡᠷᠡᠪᠡᠯ ᠬᠦᠯᠢᠶᠡᠨ ᠠᠪᠬᠤ ᠥᠬᠡᠶ᠃ | 2. ᠲᠤᠰᠢᠶᠠᠬᠤ ᠨᠢᠭᠤᠷᠯᠠᠯ ᠄ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠣᠷᠣᠯᠴᠠᠬᠤ ᠬᠡᠪᠴᠢᠶᠡᠨ ᠳᠤ ᠬᠠᠷᠢᠶᠠᠯᠠᠭᠳᠠᠬᠤ ᠥᠬᠡᠶ ᠬᠤᠲᠠ ᠬᠥᠳᠡᠭᠡ ᠶᠢᠨ ᠰᠠᠭᠤᠭᠠᠯᠢ ᠠᠷᠠᠳ᠃ ᠡᠭᠦᠨ ᠳᠤ | ᠡᠯ᠎ᠡ ᠲᠥᠷᠥᠯ ᠤᠨ ᠰᠤᠷᠭᠠᠭᠤᠯᠢ ᠳᠤ ᠪᠠᠶᠢᠭ᠎ᠠ ᠰᠣᠷᠣᠭᠴᠢ᠂ ᠰᠤᠷᠬᠤ ᠨᠠᠰᠤᠨ ᠠᠴᠠ ᠡᠮᠦᠨᠡᠬᠢ ᠬᠡᠤᠬᠡᠳ᠂ ᠤᠯᠤᠰ | ᠣᠷᠣᠨ ᠤ ᠲᠣᠭᠲᠠᠭᠠᠭᠰᠠᠨ ᠪᠤᠰᠤᠳ ᠬᠥᠮᠦᠰ ᠪᠠᠭᠳᠠᠨ᠎ᠠ᠂ ᠡᠷᠦᠬᠡ ᠠᠮᠠ ᠶᠢᠨ ᠲᠠᠩᠰᠠ ᠬᠢᠵᠠᠭᠠᠷᠯᠠᠬᠤ ᠥᠬᠡᠶ᠃ | 3. ᠲᠤᠰᠢᠶᠠᠬᠤ ᠪᠠᠷᠢᠮᠵᠢᠶ᠎ᠠ᠄ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠲᠤᠰᠢᠶᠠᠬᠤ ᠰᠦᠢᠳᠬᠡᠯ ᠨᠢ ᠬᠥᠮᠦᠨ ᠪᠦᠷᠢ 400 ᠲᠥᠭᠦᠷᠢᠭ ᠃ | 4. ᠲᠣᠰᠢᠶᠠᠬᠤ ᠠᠷᠭ᠎ᠠ᠄ ᠰᠠᠭᠤᠭᠠᠯᠢ ᠠᠷᠠᠳ ᠸᠢᠴᠠᠲ ᠲᠠᠪᠴᠠᠩ ᠤᠨ ︽ᠥᠪᠥᠷ ᠮᠣᠩᠭᠤᠯ ᠤᠨ ᠭᠠᠶᠢᠯᠢ ᠶᠢᠨ | ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠫᠷᠤᠭ᠍ᠷᠠᠮ ᠢᠶᠠᠷ ᠲᠠᠮᠵᠢᠨ ᠲᠤᠰᠢᠶᠠᠵᠤ | ᠪᠣᠯᠤᠨ᠎ᠠ᠃ ᠭᠠᠷ ᠤᠲᠠᠰᠤᠨ ᠤ ︽ᠮᠥᠩᠬᠡ ᠰᠤᠪᠠᠭ︾ ᠲᠠᠪᠴᠠᠩ ᠤᠨ ︽ᠨᠡᠶᠢᠭᠡᠮ ᠤᠨ ᠳᠠᠭᠠᠳᠬᠠᠯ ᠤᠨ | ᠰᠦᠢᠳᠬᠡᠯ ᠲᠤᠰᠢᠶᠠᠬᠤ︾ ᠦᠢᠯᠡᠴᠢᠯᠡᠭᠡ ᠪᠠᠷ ᠳᠠᠮᠵᠢᠨ ᠲᠤᠰᠢᠶᠠᠵᠤ ᠪᠣᠯᠤᠨ᠎ᠠ᠃ ︽ᡁᠢ ᠹᠦ᠋ ᠪᠦᠦ︾ ᠲᠡᠭᠡᠷᠡᠬᠢ ︽ | ᠨᠡᠶᠢᠭᠡᠮ ᠤᠨ ᠳᠠᠭᠠᠳᠬᠠᠯ︾ ᠤᠨ ᠦᠢᠯᠡᠴᠢᠯᠡᠭᠡ ᠪᠠᠷ ᠳᠠᠮᠵᠢᠨ ᠲᠤᠰᠢᠶᠠᠵᠤ ᠪᠣᠯᠤᠨ᠎ᠠ᠂ ᠰᠦᠢᠳᠬᠡᠯ ᠲᠤᠰᠢᠶᠠᠬᠤ | ᠳᠠᠭᠠᠨ 2025 ᠣᠨ ᠢ ᠰᠤᠩᠭᠤᠬᠤ ᠭᠡᠷᠡᠭᠳᠡᠢ᠃ ︵ᠰᠦᠯᠵᠢᠶᠡᠨ ᠳᠡᠭᠡᠷ᠎ᠡ ᠰᠦᠢᠳᠬᠡᠯ ᠲᠤᠰᠢᠶᠠᠪᠠᠯ 2 - 3 | ᠠᠵᠢᠯᠯᠠᠬᠤ ᠡᠳᠦᠷ ᠤᠨ ᠳᠠᠷᠠᠭ᠎ᠠ ᠸᠢᠴᠠᠲ ᠲᠠᠪᠴᠠᠩ ᠤᠨ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ | ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠫᠷᠤᠭ᠍ᠷᠠᠮ ᠠᠴᠠ ᠰᠦᠢᠳᠬᠡᠯ ᠲᠤᠰᠢᠶᠠᠭᠰᠠᠨ ᠪᠠᠷᠢᠮᠲᠠ ᠪᠠᠨ | ᠪᠠᠶᠢᠴᠠᠭᠠᠨ ᠯᠠᠪᠯᠠᠬᠤ ᠪᠤᠶᠤ ᠪᠠᠭᠤᠯᠭᠠᠨ ᠠᠪᠴᠤ ᠪᠣᠯᠤᠨ᠎ᠠ᠃︶ ᠡᠬᠦᠨ ᠠᠴᠠ ᠭᠠᠳᠠᠨ᠎ᠠ᠂ ᠰᠠᠭᠤᠭᠠᠯᠢ ᠠᠷᠠᠳ | ᠪᠠᠰᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ | ᠰᠤᠮᠤ ᠰᠢᠶᠠᠩ ᠪᠠᠯᠭᠠᠰᠤᠨ ᠤ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠳᠤ ᠬᠦᠷᠴᠦ᠂ ᠣᠷᠣᠯᠠᠨ | ᠬᠦᠢᠴᠡᠳᠭᠡᠬᠦ ᠬᠠᠪᠰᠤᠷᠤᠨ ᠬᠦᠢᠴᠡᠳᠭᠡᠬᠦ ᠠᠷᠭ᠎ᠠ ᠪᠠᠷ ᠰᠦᠢᠳᠬᠡᠯ ᠢᠶᠠᠨ ᠲᠤᠰᠢᠶᠠᠵᠤ ᠪᠣᠯᠤᠨ᠎ᠠ᠃ | ᠭᠠᠷᠲᠠᠨ ᠭᠦᠢᠴᠡᠳᠭᠡᠬᠦ ᠤᠲᠠᠰᠤ᠄ 0479-5238353 0479-5230494 ᠠᠰᠠᠭᠤᠨ | ᠯᠠᠪᠯᠠᠬᠤ ᠤᠲᠠᠰᠤ᠄ 0479-5238797 |