ᠲᠠᠶᠢᠹᠤᠰᠧ ᠬᠤᠰᠢᠭᠤ ᠤᠯᠠᠨ ᠵᠦᠢᠯ ᠤᠨ ᠪᠦᠳᠦᠮᠵᠢᠳᠡᠢ ᠠᠷᠭ᠎ᠠ ᠪᠠᠷ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/12/17
   ᠲᠠᠶᠢᠹᠤᠰᠧ ᠬᠤᠰᠢᠭᠤ ᠨᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠶᠢ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠤᠷᠤᠭᠤᠯᠤᠨ᠂ ᠱᠠᠰᠢᠨ ᠰᠢᠳᠦᠭᠴᠢ ᠤᠯᠠᠨ ᠲᠦᠮᠡᠨ ᠳᠤ ᠦᠨᠳᠦᠰᠦᠲᠡᠨ ᠪᠠ ᠱᠠᠰᠢᠨ ᠰᠤᠷᠲᠠᠬᠤᠨ ᠤ ᠲᠦᠷᠦ ᠶᠢᠨ ᠪᠣᠳᠣᠯᠭ᠎ᠠ ᠬᠠᠤᠯᠢ ᠲᠦᠷᠢᠮ ᠢ ᠲᠠᠶᠢᠯᠪᠤᠷᠢᠯᠠᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ ᠪᠤᠢ᠃  ᠡᠨᠡ  ᠵᠢᠯ ᠤᠨ ᠬᠤᠪᠢ ᠳᠤ᠂ ︽ᠵᠢᠷᠭᠤᠭ᠎ᠠ ᠶᠢ ᠣᠷᠣᠭᠤᠯᠬᠤ ᠠᠵᠢᠯᠯᠠᠭ᠎ᠠ︾ ᠶᠢ 10 ᠭᠠᠷᠤᠢ ᠤᠳᠠᠭ᠎ᠠ ᠦᠷᠨᠢᠬᠦᠯᠦᠨ᠂ ᠤᠬᠠᠭᠤᠯᠭ᠎ᠠ ᠶᠢᠨ ᠰᠠᠮᠪᠠᠷ᠎ᠠ᠂  ᠤᠬᠠᠭᠤᠯᠭ᠎ᠠ ᠶᠢᠨ ᠵᠠᠷᠯᠠᠯ ᠢ 20 ᠭᠠᠷᠤᠢ ᠬᠤᠪᠢ ᠦᠢᠯᠡᠳᠴᠦ᠂ ᠤᠬᠠᠭᠤᠯᠭ᠎ᠠ ᠶᠢᠨ ᠮᠠᠲ᠋ᠧᠷᠢᠶᠠᠯ ᠢ 500 ᠭᠠᠷᠤᠢ ᠬᠤᠪᠢ ᠲᠠᠷᠬᠠᠭᠠᠭᠠᠳ᠂  ᠤᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠮᠡᠳᠡᠬᠦ ᠨᠣᠷᠮ᠎ᠠ ᠶᠢ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠲᠠᠯᠠᠪᠤᠷ ᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠪᠤᠯᠭᠠᠨ᠂  ᠱᠠᠰᠢᠨ ᠰᠤᠷᠳᠠᠬᠤᠨ ᠤ ᠪᠠᠭᠰᠢ ᠠᠵᠢᠯᠲᠠᠨ ᠪᠠ ᠱᠠᠰᠢᠨ ᠰᠢᠳᠦᠭᠴᠢ ᠣᠯᠠᠨ ᠲᠦᠮᠡᠨ ᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠥᠬᠦ ᠲᠠᠯ᠎ᠠ ᠪᠠᠷ ᠪᠠᠳᠤᠳᠬᠠᠭᠰᠠᠨ ᠪᠠᠶᠢᠨ᠎ᠠ᠃ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠨ᠂ ᠱᠠᠰᠢᠨ ᠰᠤᠷᠲᠠᠬᠤᠨ ᠤ ᠡᠲᠡᠭᠡᠳ ᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠬᠥᠮᠦᠵᠢᠯ ᠤᠨ ᠰᠠᠭᠤᠷᠢᠨ ᠢ ᠪᠠᠶᠢᠭᠤᠯᠵᠤ᠂ ᠱᠠᠰᠢᠨ ᠰᠤᠷᠲᠠᠬᠤᠨ ᠤ ᠡᠲᠡᠭᠡᠳ ᠤᠨ ᠦᠵᠡᠯ ᠰᠠᠨᠠᠭᠠᠨ ᠤ ᠪᠠᠶᠢᠭᠤᠯᠤᠯᠲᠠ ᠶᠢ ᠴᠢᠩᠭᠠᠳᠬᠠᠨ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ ᠰᠢᠷᠢᠰ ᠠᠵᠢᠯᠯᠠᠭ᠎ᠠ ᠶᠢ 20 ᠭᠠᠷᠤᠢ ᠤᠳᠠᠭ᠎ᠠ ᠭᠦᠨᠵᠡᠭᠡᠢ ᠥᠷᠨᠢᠭᠦᠯᠵᠦ᠂ ᠱᠠᠰᠢᠨ ᠰᠤᠷᠲᠠᠬᠤᠨ ᠤ ︽ᠭᠤᠷᠪᠠᠨ ᠡᠩᠨᠡᠭᠡ︾ ᠶᠢᠨ ᠪᠣᠯᠪᠠᠰᠤᠷᠠᠯ ᠤᠨ ᠠᠩᠬᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ︽ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠣᠷᠣᠭᠤᠯᠬᠤ︾ ᠵᠡᠷᠭᠡ ᠲᠤᠰᠬᠠᠢ ᠰᠡᠳᠦᠪᠲᠦ ᠠᠵᠢᠯᠯᠠᠭ᠎ᠠ ᠶᠢ ᠭᠦᠨᠵᠡᠭᠡᠢ ᠦᠷᠨᠢᠬᠦᠯᠦᠭᠡᠳ᠂ ᠱᠠᠰᠢᠨ ᠰᠤᠷᠲᠠᠬᠤᠨ ᠢ ᠨᠡᠶᠢᠭᠡᠮ ᠵᠢᠷᠤᠮᠲᠤ ᠨᠡᠶᠢᠭᠡᠮ ᠲᠠᠢ ᠵᠣᠬᠢᠴᠠᠭᠤᠯᠵᠤ᠂ ᠨᠠᠮ ᠲᠦᠷᠦ ᠯᠦᠭᠡ ᠨᠢᠭᠡ ᠰᠡᠳᠬᠢᠯ ᠨᠢᠭᠡ ᠴᠢᠭᠯᠡᠯ ᠢᠶᠠᠷ ᠬᠠᠮᠲᠤ ᠤᠷᠤᠭᠰᠢᠯᠠᠬᠤ ᠶᠢ ᠠᠬᠢᠭᠤᠯᠪᠠ᠃ ᠬᠠᠤᠯᠢ ᠶᠤᠰᠤᠨ ᠤ ᠬᠢ ᠶᠢ ᠬᠠᠮᠠᠭᠠᠯᠠᠬᠤ᠂ ᠬᠠᠤᠯᠢ ᠪᠤᠰᠤ ᠶᠢ ᠴᠠᠭᠠᠵᠠᠯᠠᠬᠤ᠂ ᠲᠦᠢᠯᠰᠢᠷᠡᠯ ᠢ ᠰᠡᠷᠭᠡᠶᠢᠯᠡᠬᠦ᠂ ᠨᠡᠪᠴᠢᠯᠲᠡ ᠶᠢ ᠬᠤᠷᠢᠭᠯᠠᠬᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠦᠨᠳᠦᠰᠦᠨ ᠵᠠᠷᠴᠢᠮ ᠶᠣᠰᠣᠭᠠᠷ᠂ ᠡᠳᠦᠷ ᠲᠤᠲᠤᠮ ᠤᠨ ᠪᠠᠶᠢᠴᠠᠭᠠᠯᠳᠠ ᠪᠠ ᠭᠤᠤᠯᠳᠠᠯᠭ᠎ᠠ ᠲᠠᠢ ᠪᠠᠶᠢᠴᠠᠭᠠᠯᠳᠠ ᠶᠢ  ᠤᠶᠠᠯᠳᠤᠭᠤᠯᠤᠨ᠂ ᠱᠠᠰᠢᠨ ᠰᠤᠷᠲᠠᠬᠤᠨ ᠤ ᠬᠦᠷᠢᠶ᠎ᠡ ᠴᠠᠷᠠᠭ᠎ᠠ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠱᠠᠰᠢᠨ ᠰᠤᠷᠲᠠᠬᠤᠨ ᠤ ᠠᠵᠢᠯ ᠤᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂  ᠱᠠᠰᠢᠨ ᠰᠢᠳᠦᠭᠴᠢ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠤᠯᠤᠰ ᠤᠨ ᠬᠠᠤᠯᠢ ᠪᠠ ᠱᠠᠰᠢᠨ ᠤ ᠳᠦᠷᠢᠮ ᠤᠨ ᠬᠠᠷᠢᠴᠠᠭ᠎ᠠ ᠶᠢ ᠵᠥᠪ ᠢᠶᠠᠷ ᠲᠠᠨᠢᠭᠤᠯᠤᠨ ᠰᠢᠢᠳᠪᠦᠷᠢᠯᠡᠭᠦᠯᠵᠦ᠂ ᠲᠡᠳᠡᠨ ᠤ ᠬᠠᠤᠯᠢ ᠲᠦᠷᠢᠮ ᠶᠣᠰᠣᠭᠠᠷ ᠱᠠᠰᠢᠨ ᠰᠤᠷᠲᠠᠬᠤᠨ ᠤ ᠠᠵᠢᠯᠯᠠᠭ᠎ᠠ ᠥᠷᠨᠢᠭᠦᠯᠬᠦ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠨᠡᠮᠡᠭᠳᠡᠭᠦᠯᠦᠨ ᠂ ᠱᠠᠰᠢᠨ ᠰᠤᠷᠲᠠᠬᠤᠨ ᠤ ᠡᠶ᠎ᠡ ᠵᠣᠬᠢᠴᠠᠯ᠂ ᠨᠡᠶᠢᠭᠡᠮ ᠤᠨ ᠡᠶ᠎ᠡ  ᠵᠤᠬᠢᠴᠠᠯ᠂ ᠦᠨᠳᠦᠰᠦᠲᠡᠨ ᠤ ᠡᠶ᠎ᠡ ᠵᠣᠬᠢᠴᠠᠯ ᠢ ᠠᠬᠢᠭᠤᠯᠪᠠ᠃
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号