ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠬᠠᠤᠯᠢ ᠴᠠᠭᠠᠵᠠ ᠶᠢᠨ ᠬᠦᠴᠦᠨ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠢᠵᠢᠯ ᠲᠥᠪᠲᠦ ᠲᠣᠭᠤᠷᠢᠭ︾ ᠢ ᠵᠢᠷᠤᠭᠯᠠᠨ᠎ᠠ
ᠨᠡᠶᠢᠲᠡᠯᠡᠭᠰᠡᠨ ᠴᠠᠭ᠄
2024/12/17
   ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠬᠡᠵᠢᠬᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠤᠨ ᠲᠣᠭᠤᠷᠢᠨ ᠳᠤ᠂ ᠦᠨᠳᠦᠰᠦᠲᠡᠨ ᠤ ᠪᠦᠯᠬᠦᠮᠳᠡᠯ ᠢ ᠰᠢᠭᠦᠬᠦ ᠬᠤᠷᠢᠶᠠᠨ ᠤ ᠠᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠤᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠢ᠂ ᠲᠦᠬᠦᠮ ᠦᠵᠡᠭᠦᠯᠵᠦ ᠠᠰᠢᠭ ᠬᠦᠷᠲᠡᠭᠡᠬᠦ ᠬᠠᠤᠯᠢ ᠶᠢᠨ ᠦᠢᠯᠡᠴᠢᠯᠡᠭᠡ ᠬᠠᠩᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠤᠨ ᠬᠠᠤᠯᠢᠵᠢᠯ ᠤᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠬᠦᠯᠦᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠤ᠂ ᠰᠢᠨ᠎ᠡ ᠬᠥᠭᠵᠢᠯᠲᠡ ᠶᠢ ᠪᠡᠶᠡᠯᠡᠭᠦᠯᠪᠡ᠃      ᠨᠠᠮ ᠤᠨ ᠪᠠᠶᠢᠭᠤᠯᠤᠯᠲᠠ ᠪᠠᠷ ᠦᠨᠳᠦᠰᠦᠲᠡᠨ ᠤ ᠪᠦᠯᠬᠦᠮᠳᠡᠯ ᠤᠨ ᠠᠵᠢᠯ ᠢ ᠵᠢᠯᠤᠭᠤᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠦᠨᠳᠦᠰᠦᠲᠡᠨ ᠤ ᠣᠨᠣᠯ᠂ ᠲᠥᠷᠥ ᠶᠢᠨ ᠪᠣᠳᠣᠯᠭ᠎ᠠ᠂ ᠬᠠᠤᠯᠢ ᠲᠦᠷᠢᠮ ᠤᠨ ᠰᠤᠷᠤᠯᠴᠠᠯᠭ᠎ᠠ ᠶᠢ ᠢᠳᠡᠪᠬᠢᠲᠡᠶ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠺᠠᠳ᠋ᠷ ᠴᠠᠭᠳᠠᠭ᠎ᠠ ᠶᠢᠨ ᠪᠣᠯᠪᠠᠰᠤᠷᠠᠯ ᠬᠥᠮᠦᠵᠢᠯ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ ᠡᠳᠦᠷ ᠵᠡᠷᠭᠡ ᠠᠵᠢᠯᠯᠠᠭ᠎ᠠ ᠲᠠᠢ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠣᠨᠣᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠺᠠᠳ᠋ᠷ ᠴᠠᠭᠳᠠᠭ᠎ᠠ ᠨᠠᠷ ᠲᠤ ᠣᠨᠣᠪᠴᠢᠲᠠᠶ ᠡᠵᠡᠮᠰᠢᠬᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠢ ᠰᠢᠨ᠎ᠡ ᠴᠠᠭ ᠦᠶ᠎ᠡ ᠶᠢᠨ ᠰᠢᠭᠦᠬᠦ ᠬᠤᠷᠢᠶᠠᠨ ᠤ ᠠᠵᠢᠯ ᠳᠤ ᠦᠨᠡᠨ ᠬᠦ ᠲᠤᠤᠱᠯᠠᠭᠤᠯᠤᠭᠰᠠᠨ ᠪᠠᠶᠢᠨ᠎ᠠ᠃    ︽ᠦᠨᠳᠦᠰᠦᠲᠡᠨ ᠨᠦᠭᠦᠳ ᠨᠢᠭᠡ ᠬᠡᠷ ᠤᠨ ᠬᠢᠨ ᠮᠡᠳᠦ ᠪᠦᠯᠬᠦᠮᠳᠡᠬᠦ︾ ᠠᠵᠢᠯ ᠤᠨ ᠬᠠᠷᠢᠯᠴᠠᠬᠤ ᠥᠷᠲᠡᠭᠡ ᠶᠢ ᠪᠠᠶᠢᠭᠤᠯᠵᠤ᠂ ᠵᠥᠷᠢᠴᠡᠯ ᠵᠢᠭᠤᠷᠠᠭᠠᠨ ᠢ ᠨᠠᠮᠳᠠᠭᠤᠯᠬᠤ᠂ ᠬᠠᠤᠯᠢ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠶᠢ ᠢᠳᠡᠪᠬᠢᠲᠡᠶ ᠬᠠᠩᠭᠠᠨ᠂ ︽ᠬᠠᠮᠲᠤ ᠳᠠᠭᠠᠨ ᠨᠢᠭᠡ ᠲᠤᠭ ᠮᠠᠨᠳᠤᠭᠤᠯᠬᠤ︾  ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠭᠤᠷ ᠠᠮᠢᠰᠬᠤᠯ ᠢ ᠦᠳᠭᠡᠷᠡᠬᠦᠯᠦᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠭᠡ ᠬᠡᠷ ᠤᠨ ᠬᠢᠨ ᠮᠡᠲᠦ ᠳᠣᠲᠣᠨᠣ ᠪᠠᠶᠢᠬᠤ ᠣᠶᠤᠨ ᠰᠠᠨᠠᠭᠠᠨ ᠤ ᠬᠦᠴᠦᠨ ᠴᠢᠳᠠᠯ ᠢ ᠨᠢᠭᠲᠠᠷᠠᠭᠤᠯᠵᠤ᠂ ᠠᠷᠠᠳ ᠤᠯᠠᠨ ᠤ ᠡᠬᠡ ᠤᠯᠤᠰ ᠢᠶᠠᠨ ᠬᠠᠶᠢᠷᠠᠯᠠᠬᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢᠶᠠᠨ ᠪᠥᠲᠥᠭᠡᠨ ᠪᠠᠶᠢᠭᠤᠯᠬᠤ ᠬᠠᠯᠠᠭᠤᠨ ᠰᠡᠳᠬᠢᠯᠭᠡ ᠶᠢ ᠨᠡᠮᠡᠭᠳᠡᠬᠦᠯᠦᠨ᠂ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ ᠶᠢᠨ ᠦᠨᠳᠦᠰᠦᠲᠡᠨ ᠤ ᠠᠵᠢᠯ ᠢ ᠰᠠᠶᠢᠨ ᠬᠢᠬᠦ᠂ ᠦᠨᠳᠦᠰᠦᠲᠡᠨ ᠤ ᠪᠦᠯᠬᠦᠮᠳᠡᠯ ᠢ ᠰᠠᠶᠢᠳᠤᠷ ᠬᠠᠮᠠᠭᠠᠯᠠᠬᠤ ᠂ ᠠᠵᠢᠯ ᠬᠢᠵᠦ ᠦᠢᠯᠡᠰ ᠪᠦᠳᠦᠬᠡᠬᠦ ᠵᠣᠷᠢᠭ ᠰᠠᠨᠠᠭ᠎ᠠ ᠶᠢ ᠤᠯᠠᠮ ᠳᠡᠭᠡᠭᠰᠢᠯᠡᠭᠦᠯᠪᠡ᠃    ᠤᠯᠠᠨ ᠲᠦᠮᠡᠨ ᠤ ᠬᠠᠤᠯᠢ ᠶᠢᠨ ᠤᠬᠠᠮᠰᠠᠷ ᠢ ᠴᠢᠩᠭᠠᠳᠬᠠᠬᠤ ᠲᠠᠯ᠎ᠠ ᠪᠠᠷ ᠶᠡᠭᠡᠭᠡᠨ ᠬᠦᠴᠦ ᠣᠷᠣᠭᠤᠯᠵᠤ᠂ ᠬᠠᠤᠯᠢ ᠲᠦᠭᠡᠮᠡᠯᠵᠢᠭᠦᠯᠬᠦ ᠬᠡᠯᠪᠡᠷᠢ ᠶᠢ ᠰᠢᠨᠡᠴᠢᠯᠡᠨ᠂ ᠬᠠᠤᠯᠢ ᠲᠦᠭᠡᠮᠡᠯᠵᠢᠭᠦᠯᠬᠦ ᠠᠭᠤᠯᠭ᠎ᠠ ᠶᠢ ᠭᠦᠨᠵᠡᠭᠡᠶᠢᠷᠡᠭᠦᠯᠵᠦ᠂ ᠬᠠᠤᠯᠢ  ᠲᠦᠷᠢᠮ ᠢ ᠬᠥᠳᠡᠭᠡ ᠬᠦᠷᠭᠡᠬᠦ᠂  ᠭᠡᠷᠡᠭ ᠵᠠᠷᠭᠤ ᠶᠢ ᠲᠣᠭᠤᠷᠢᠨ ᠰᠢᠭᠦᠬᠦ᠂ ᠬᠠᠤᠯᠢ ᠴᠠᠭᠠᠵᠠ ᠶᠢᠨ ᠤᠬᠠᠭᠤᠯᠭ᠎ᠠ ᠬᠢᠬᠦ ᠵᠡᠷᠭᠡ ᠠᠷᠭ᠎ᠠ ᠬᠡᠯᠪᠡᠷᠢ ᠪᠠᠷ ᠬᠠᠤᠯᠢ ᠲᠦᠷᠢᠮ ᠪᠠ ᠲᠦᠷᠦ ᠶᠢᠨ ᠪᠤᠳᠤᠯᠭ᠎ᠠ ᠶᠢ ᠶᠡᠭᠡ ᠪᠠᠷ ᠤᠬᠠᠭᠤᠯᠬᠤ ᠶᠢᠨ ᠬᠠᠮᠳᠤ᠂ ᠰᠢᠨ᠎ᠡ ᠵᠠᠭᠤᠴᠢᠯᠠᠭᠤᠷ ᠤᠨ ᠳᠠᠪᠠᠭᠤᠯᠢᠭ ᠢ ᠠᠰᠢᠭᠯᠠᠵᠤ᠂ ᠠᠷᠠᠳ ᠣᠯᠠᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶ᠋ᠢᠭ ᠢᠶᠠᠷ ᠬᠠᠤᠯᠢ ᠲᠦᠷᠢᠮ ᠤᠨ ᠤᠬᠠᠭᠤᠯᠭ᠎ᠠ ᠶᠢᠨ ᠥᠷᠭᠡᠴᠡ ᠪᠠ ᠭᠦᠨᠴᠡ ᠶᠢ ᠨᠡᠮᠡᠭᠳᠡᠬᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ︽ᠠᠵᠢᠯ ᠬᠢᠬᠦ ᠳᠡᠭᠡᠨ ᠬᠠᠤᠯᠢ ᠶᠢ ᠵᠢᠷᠤᠮᠯᠠᠬᠤ᠂ ᠤᠴᠢᠷ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠡᠭᠡᠨ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ︾ ᠬᠠᠤᠯᠢᠵᠢᠯ ᠤᠨ ᠦᠵᠡᠯᠲᠡ ᠲᠠᠢ ᠪᠤᠯᠬᠤ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号