ᠤᠶᠢᠷᠠᠬᠠᠨ ᠶᠠᠪᠤᠭᠳᠠᠭᠰᠠᠨ ᠰᠢᠯᠢ ᠶᠢᠨ ᠭᠤᠣᠯ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠤᠨ ᠠᠩᠬᠠᠳᠤᠭᠠᠷ | ᠬᠤᠭᠤᠴᠠᠭᠠᠨ ᠤ ᠰᠤᠷᠪᠤᠯᠵᠢᠯᠠᠭᠴᠢᠳ ᠴᠢᠮᠡᠭᠡᠯᠡᠭᠴᠢᠳ ᠤᠨ ᠠᠵᠢᠯ ᠤᠨ ᠬᠤᠷᠠᠯ ᠲᠡᠭᠡᠷ᠎ᠡ᠂ ᠲᠠᠶᠢᠹᠤᠰᠧ | ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠨᠢ ︽2024 ᠣᠨ ᠤ ᠤᠬᠠᠭᠤᠯᠭ᠎ᠠ ᠶᠢᠨ ᠠᠵᠢᠯ ᠤᠨ ᠲᠡᠷᠢᠭᠦᠨ ᠤ | ᠨᠢᠭᠡᠴᠡ︾ ᠪᠠᠷ ᠦᠨᠡᠯᠡᠭᠳᠡᠭᠰᠡᠨ ᠪᠠᠶᠢᠨ᠎ᠠ᠃ | 2024 ᠣᠨ ᠳᠤ᠂ ᠲᠠᠶᠢᠹᠤᠰᠧ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠨᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠶᠡᠷᠦᠩᠬᠡᠶᠢᠯᠡᠨ ᠵᠢᠯᠣᠭᠤᠳᠣᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠥᠪ | ᠣᠨᠣᠪᠴᠢᠲᠠᠢ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠲᠤ ᠡᠵᠡᠮᠳᠡᠨ᠂ ᠦᠵᠡᠯ ᠤᠬᠠᠮᠰᠠᠷ ᠤᠨ ᠬᠡᠯᠪᠡᠷᠢ ᠶᠢᠨ | ᠭᠤᠣᠯ ᠰᠠᠭᠤᠷᠢᠨ ᠭᠠᠵᠠᠷ ᠢ ᠪᠠᠬᠢᠵᠢᠭᠦᠯᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ ᠵᠠᠮ | ᠨᠡᠭᠡᠭᠡᠨ ᠰᠢᠨ᠎ᠡ ᠶᠢ ᠡᠭᠦᠳᠴᠦ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠲᠠᠰᠤᠷᠠᠯᠲᠠ ᠦᠭᠡᠢ | ᠠᠬᠢᠭᠤᠯᠤᠭᠠᠳ᠂ ᠪᠥᠬᠦ ᠬᠤᠰᠢᠭᠤᠨ ᠤ ᠡᠯ᠎ᠡ ᠲᠥᠷᠥᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ | ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠪᠠ᠃ | ᠭᠤᠤᠯ ᠰᠡᠳᠦᠪᠲᠦ ᠤᠬᠠᠭᠤᠯᠭ᠎ᠠ ᠶᠢ ᠨᠠᠷᠢᠯᠢᠭ ᠬᠢᠭᠰᠡᠨ᠃ 1 ᠰᠠᠷ᠎ᠠ ᠠᠴᠠ 11 ᠰᠠᠷ᠎ᠠ ᠪᠣᠯᠲᠠᠯ᠎ᠠ᠂ ᠬᠤᠰᠢᠭᠤᠨ | ᠤ ᠷᠠᠳᠢᠣ᠋ ᠲᠧᠯᠸᠢᠰ ᠬᠤᠷᠢᠶ᠎ᠠ ᠨᠢ ︽ᠵᠢᠷᠭᠤᠭᠠᠨ ᠢᠨᠵᠧᠨᠧᠷᠢᠩ ᠢ ᠠᠬᠢᠭᠤᠯᠬᠤ︾᠂ ︽ᠲᠠᠪᠤᠨ ᠶᠡᠭᠡ ᠡᠭᠦᠷᠭᠡ ᠶᠢ | ᠠᠬᠢᠭᠤᠯᠬᠤ︾᠂ ︽ᠴᠠᠭᠠᠨ ᠰᠠᠷ᠎ᠠ ᠪᠠᠷ ᠦᠨᠳᠦᠰᠦᠨ ᠱᠠᠲᠤᠨ ᠳᠤ ᠬᠦᠷᠬᠦ︾ ᠵᠡᠷᠭᠡ ᠲᠤᠰᠬᠠᠶ ᠪᠤᠯᠤᠩ ᠢ 31 | ᠬᠤᠭᠤᠴᠠᠭ᠎ᠠ ᠡᠷᠬᠢᠯᠡᠵᠦ᠂ ︽ᠲᠠᠶᠢᠹᠦᠰᠧ ᠬᠤᠰᠢᠭᠤᠨ ᠤ ᠰᠣᠨᠢᠨ ᠮᠡᠳᠡᠭᠡ︾ ᠶᠢ 1284 ᠵᠤᠷᠪᠤᠰ ᠦᠢᠯᠡᠳᠴᠦ | ᠨᠡᠪᠳᠡᠷᠡᠬᠦᠯᠦᠭᠰᠡᠨ ᠪᠦᠭᠡᠳ ᠪᠥᠬᠦ ᠬᠤᠰᠢᠭᠤᠨ ᠤ ︽ᠬᠤᠶᠠᠷ ᠬᠤᠷᠠᠯ︾᠂ ︽ᠴᠠᠭᠠᠨ ᠰᠠᠷ᠎ᠠ ᠶᠢᠨ ᠦᠳᠡᠰᠢᠯᠡᠭᠡ︾᠂ | ︽15 ᠳ᠋ᠤᠭᠠᠷ ᠬᠤᠭᠤᠴᠠᠭᠠᠨ ᠤ ᠮᠠᠯᠴᠢᠳ ᠤᠨ ᠨᠠᠭᠠᠳᠤᠮ︾ ᠵᠡᠷᠭᠡ ᠴᠢᠬᠤᠯᠠ ᠶᠡᠭᠡ ᠬᠦᠳᠡᠯᠪᠦᠷᠢ ᠠᠵᠢᠯᠯᠠᠭ᠎ᠠ ᠶᠢ | ᠤᠬᠠᠭᠤᠯᠤᠨ ᠮᠡᠳᠡᠭᠡᠯᠡᠬᠦ ᠠᠵᠢᠯ ᠡᠬᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠪᠠᠭᠠᠴᠤᠳ ᠤᠨ | ᠤᠩᠰᠢᠯᠭ᠎ᠠ︾ ᠵᠡᠷᠭᠡ 9 ᠪᠤᠯᠤᠩ ᠢ ᠰᠢᠨ᠎ᠡ ᠪᠠᠷ ᠦᠢᠯᠡᠳᠴᠦ ᠨᠡᠪᠳᠡᠷᠡᠬᠦᠯᠦᠭᠰᠡᠨ ᠪᠠᠶᠢᠨ᠎ᠠ᠃ ᠡᠬᠦᠨ ᠤ ᠬᠠᠮᠳᠤ᠂ ︽ | ᠠᠮᠢᠵᠢᠷᠠᠯ ᠤᠨ ᠬᠦᠴᠦᠨ ᠲᠠᠢ ᠲᠠᠶᠢᠹᠤᠰᠧ ᠬᠤᠰᠢᠭᠤ — ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ︾ ︽ᠡᠭᠦᠷ ᠪᠠᠷᠢᠵᠤ ᠭᠠᠷᠤᠳᠢ ᠤᠷᠢᠰᠤᠭᠠᠢ — ᠥᠪᠥᠷ ᠮᠣᠩᠭᠤᠯ ᠤᠨ ᠰᠢᠨ᠎ᠡ ᠪᠠᠷ | ᠬᠥᠭᠵᠢᠭᠰᠡᠨ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠭᠡᠯᠬᠢᠶᠡᠨ ᠤ ᠰᠢᠨᠵᠢᠯᠡᠭᠡ ᠮᠡᠷᠭᠡᠵᠢᠯ ᠤᠨ | ᠬᠦᠷᠢᠶᠡᠯᠡᠩ︾ ︽ᠳᠥᠷᠪᠡᠨ ᠤᠯᠠᠷᠢᠯ · ᠲᠠᠶᠢᠹᠤᠰᠧ ᠬᠤᠰᠢᠭᠤ︾ ᠵᠡᠷᠭᠡ 8 ᠢᠵᠢ ᠲᠤᠰᠬᠠᠶ ᠰᠡᠳᠦᠪᠲᠦ | ᠤᠬᠠᠭᠤᠯᠭ᠎ᠠ ᠶᠢᠨ ᠹᠢᠯᠢᠮ ᠢ ᠰᠢᠩᠭᠡᠭᠡᠨ ᠦᠢᠯᠡᠳᠴᠡᠢ᠃ | ᠰᠢᠨ᠎ᠡ ᠵᠠᠭᠤᠴᠢᠯᠠᠭᠤᠷ ᠤᠨ ᠳᠠᠪᠠᠭᠤᠯᠢᠭ ᠢᠶᠠᠨ ᠪᠠᠳᠠᠷᠠᠭᠤᠯᠤᠭᠰᠠᠨ᠃ 11 ᠰᠠᠷ᠎ᠠ ᠶᠢᠨ ᠡᠴᠦᠰ ᠪᠣᠯᠲᠠᠯ᠎ᠠ᠂ ︽ | ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ ᠳᠤ ᠨᠡᠶᠢᠳᠡ 3422 ᠵᠤᠷᠪᠤᠰ ᠮᠡᠳᠡᠭᠡ ᠵᠠᠩᠭᠢ | ᠨᠡᠶᠢᠳᠡᠯᠡᠵᠤ᠂ ᠤᠩᠰᠢᠭᠰᠠᠨ ᠲᠤᠭ᠎ᠠ 291 ᠲᠦᠮᠡ ᠳᠤ ᠬᠦᠷᠪᠡ᠃ ︽ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠶ᠎ᠠ︾ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠬᠦᠨᠵᠡᠬᠡᠶᠢᠷᠡᠬᠦᠯᠦᠨ ᠠᠬᠢᠭᠤᠯᠤᠶ᠎ᠠ︾ ︽ᠨᠠᠮ ᠤᠨ ᠢᠶᠠᠨ ᠠᠴᠢ ᠳᠤ | ᠲᠠᠯᠠᠷᠬᠠᠵᠤ ᠨᠠᠮ ᠤᠨ ᠢᠶᠠᠨ ᠦᠭᠡ ᠶᠢ ᠰᠣᠨᠣᠰᠴᠤ ᠨᠠᠮ ᠢᠶᠠᠨ ᠲᠠᠭᠠᠵᠤ ᠤᠷᠤᠭᠰᠢᠯᠠᠶ᠎ᠠ︾᠂ ︽ᠦᠨᠡᠨᠴᠢ | ᠢᠲᠡᠭᠡᠮᠵᠢᠲᠡᠶ ᠲᠦᠷᠢ ᠲᠥᠷᠬᠦ ᠶᠢ ᠱᠤᠭᠤᠵᠤ᠂ ᠦᠨᠡᠨ ᠪᠣᠳᠠᠲᠠᠢ ᠠᠵᠢᠯᠯᠠᠵᠤ ᠰᠢᠨ᠎ᠡ ᠪᠠᠶᠢᠳᠠᠯ ᠢ ᠡᠬᠦᠳᠦᠶ᠎ᠡ︾ ᠵᠡᠷᠭᠡ | 45 ᠲᠤᠰᠬᠠᠢ ᠪᠤᠯᠤᠩ ᠢ ᠨᠡᠭᠡᠭᠡᠵᠦ᠂ ︽ᠪᠠᠭ᠋ᠠᠷᠬᠠᠯ ᠲᠠᠳᠠᠭᠰᠠᠨ ᠲᠠᠶᠢᠹᠤᠰᠧ ᠬᠤᠰᠢᠭᠤ︾ APP ᠵᠡᠷᠭᠡ ᠳᠤ | ᠨᠡᠶᠢᠳᠡ 6620 ᠵᠤᠷᠪᠤᠰ ᠮᠡᠳᠡᠭᠡ ᠨᠡᠶᠢᠳᠡᠯᠡᠨ᠂ ︽ᠲᠠᠶᠢᠹᠤᠰᠧ ᠬᠤᠰᠢᠭᠤᠨ ᠤ ᠬᠠᠮ ᠵᠠᠭᠤᠴᠢᠯᠠᠭᠤᠷ︾ ᠤᠨ | ᠸᠢᠳᠢᠤ᠋ ᠲᠠᠪᠴᠠᠩ ᠲᠡᠭᠡᠷ᠎ᠡ 353 ᠬᠤᠪᠢ ᠤᠬᠤᠷ ᠹᠢᠯᠢᠮ ᠨᠡᠶᠢᠳᠡᠯᠡᠵᠦ᠂ ᠤᠩᠰᠢᠭᠰᠠᠨ ᠲᠤᠭ᠎ᠠ 148.2 ᠲᠦᠮᠡ | ᠳᠤ ᠬᠦᠷᠴᠡᠢ᠃ ︽ᠲᠠᠶᠢᠹᠦᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ ᠤᠨ ᠲᠠᠭᠠᠨ ᠤᠩᠰᠢᠭᠴᠢᠳ 4. | 5 ᠲᠦᠮᠡ ᠳᠤ ᠬᠦᠷᠴᠦ᠂ ᠲᠢᠭ᠋ ᠲᠤᠭ ᠲᠡᠭᠡᠷᠡᠬᠢ ︽ᠲᠠᠶᠢᠹᠤᠰᠧ ᠬᠤᠰᠢᠭᠤᠨ ᠤ ᠬᠠᠮ ᠵᠠᠭᠤᠴᠢᠯᠠᠭᠤᠷ︾ ᠤᠨ | ᠦᠵᠡᠭᠴᠢᠳ ᠲᠤᠭ᠎ᠠ 1.5 ᠲᠦᠮᠡ ᠳᠤ ᠬᠦᠷᠪᠡ᠃ | ᠨᠤᠲᠤᠭ ᠤᠨ ᠣᠨᠴᠠᠯᠢᠭ ᠢ ᠢᠯᠡᠷᠡᠬᠦᠯᠵᠦ ᠰᠤᠳᠤᠨ ᠫᠷᠤᠭ᠍ᠷᠠᠮ ᠢ ᠦᠢᠯᠡᠳᠦᠭᠰᠡᠨ᠃ 11 ᠰᠠᠷ᠎ᠠ ᠶᠢᠨ ᠡᠴᠦᠰ | ᠪᠣᠯᠲᠠᠯ᠎ᠠ᠂ ᠰᠢᠯᠢ ᠶᠢᠨ ᠭᠤᠤᠯ ᠠᠶᠢᠮᠠᠭ ᠤᠨ ᠬᠠᠮ ᠵᠠᠭᠤᠴᠢᠯᠠᠭᠤᠷ ᠲᠤ ᠭᠡᠷᠡᠭᠯᠡᠭᠳᠡᠭᠰᠡᠨ ᠪᠦᠳᠦᠬᠡᠯ 385 ᠵᠤᠷᠪᠤᠰ | ᠪᠠᠶᠢᠵᠤ᠂ ︽ᠬᠥᠬᠡᠭᠡ ᠰᠠᠷ᠎ᠠ ᠶᠢᠨ ᠬᠥᠳᠡᠭᠡ ᠲᠣᠰᠬᠤᠨ᠂ ᠬᠦᠭᠵᠢᠶᠡᠨ ᠪᠢᠯᠬᠠᠭᠰᠠᠨ ᠴᠤᠭᠯᠠᠭ᠎ᠠ ᠮᠠᠶᠢᠮᠠᠶ ︾ ︽ | ᠰᠠᠶᠢᠴᠤᠤᠯ ᠤᠨ ᠦᠯᠢᠭᠡᠷ — ᠳ᠋ᠦᠩ ᠯᠢᠩ ᠹᠧᠩ︾ ︽ᠰᠢᠬᠢᠷ ᠯᠤᠤᠪᠠᠩ ᠤᠨ ᠡᠯᠪᠡᠭ ᠬᠤᠷᠢᠶᠠᠯᠲᠠ︾ ᠵᠡᠷᠭᠡ 23 | ᠪᠦᠲᠦᠭᠡᠯ ᠨᠢ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠳᠤ ᠭᠡᠷᠡᠭᠯᠡᠭᠳᠡᠭᠰᠡᠨ ᠪᠦᠭᠡᠳ ︽ᠤᠮᠠᠷᠠᠲᠤ ᠶᠢᠨ | ᠭᠤᠷᠪᠠᠨ ᠤᠷᠤᠨ ᠤ ᠪᠤᠭᠤᠮᠳᠠ ᠰᠢᠪᠳᠤᠯᠬᠤ ᠲᠠᠶᠢᠯᠠᠯᠳᠤᠭᠠᠨ — ᠡᠯᠡᠰᠦ ᠮᠠᠩᠬ᠎ᠠ ᠶᠢ ᠵᠠᠰᠠᠵᠤ ᠡᠬᠡ ᠪᠠᠶᠢᠭᠠᠯᠢ ᠪᠠᠨ | ᠬᠠᠮᠠᠭᠠᠯᠠᠶ᠎ᠠ︾ ᠵᠡᠷᠭᠡ 3 ᠪᠦᠲᠦᠭᠡᠯ ᠨᠢ ᠲᠥᠪ ᠤᠨ ᠷᠠᠳᠢᠣ᠋ ᠲᠧᠯᠸᠢᠰ ᠲᠤ ᠭᠡᠷᠡᠭᠯᠡᠭᠳᠡᠵᠡᠢ᠃ ᠡᠬᠦᠨ ᠤ ᠬᠠᠮᠳᠤ ︽ | ᠰᠢᠯᠢ ᠶᠢᠨ ᠭᠤᠣᠯ ᠠᠶᠢᠮᠠᠭ᠄ ᠡᠯᠡᠰᠦᠨ ᠤ ᠵᠠᠰᠠᠯᠳᠠ ᠶᠢ ᠦᠷᠭᠦᠯᠵᠢᠯᠡᠨ ᠠᠬᠢᠭᠤᠯᠪᠠ︾ ᠵᠡᠷᠭᠡ 11 ᠪᠦᠲᠦᠭᠡᠯ ᠨᠢ | ᠲᠥᠪ ᠤᠨ ᠸᠢᠳᠢᠣ᠋ ᠲᠠᠪᠴᠠᠩ᠂ ᠲᠥᠪ ᠤᠨ ᠷᠠᠳᠢᠣ᠋ ᠲᠧᠯᠸᠢᠰ ᠤᠨ ᠰᠦᠯᠵᠢᠶ᠎ᠡ᠂ ᠳᠤᠮᠳᠠᠳᠤ ᠤᠯᠤᠰ ᠤᠨ ᠰᠣᠨᠢᠨ | ᠮᠡᠳᠡᠭᠡᠨ ᠤ ᠰᠦᠯᠵᠢᠶ᠎ᠡ᠂ ᠰᠢᠨᠬᠤᠸᠠ ᠬᠤᠷᠢᠶ᠎ᠠ᠂ ᠠᠷᠠᠳ ᠤᠨ ᠡᠳᠦᠷ ᠤᠨ ᠰᠣᠨᠢᠨ ᠵᠡᠷᠭᠡ ᠭᠤᠣᠯ | ᠵᠠᠭᠤᠴᠢᠯᠠᠭᠤᠷ ᠲᠤ ᠭᠡᠷᠡᠭᠯᠡᠭᠳᠡᠵᠦ᠂ ︽ᠰᠢᠨᠵᠢᠯᠡᠬᠦ ᠤᠬᠠᠭᠠᠨᠴᠢ ᠪᠠᠷ ᠲᠦᠮᠦᠰᠦ ᠲᠠᠷᠢᠭᠰᠠᠨ ᠠᠵᠤ ᠦᠢᠯᠡᠰ ᠤᠨ | ᠰᠢᠨ᠎ᠡ ᠬᠠᠭᠤᠳᠠᠰᠤ︾ ᠵᠡᠷᠭᠡ 149 ᠪᠦᠲᠦᠭᠡᠯ ᠨᠢ ︽ᠰᠤᠷᠤᠯᠴᠠᠯᠭ᠎ᠠ ᠶᠢᠨ ᠬᠦᠴᠦᠷᠬᠡᠭ ᠤᠯᠤᠰ︾᠂ ᠲᠠᠯ᠎ᠠ | ᠨᠤᠲᠤᠭ ᠤᠨ ᠪᠦᠷᠢᠨ ᠵᠠᠭᠤᠴᠢᠯᠠᠭᠤᠷ᠂ ᠪᠧᠨ ᠲᠧᠩ ᠬᠠᠮ ᠵᠠᠭᠤᠴᠢᠯᠠᠭᠤᠷ ᠵᠡᠷᠭᠡ ᠳᠤ ᠭᠡᠷᠡᠭᠯᠡᠭᠳᠡᠭᠰᠡᠨ ᠪᠠᠶᠢᠨ᠎ᠠ᠃ | ᠰᠢᠨ᠎ᠡ ᠵᠠᠭᠤᠴᠢᠯᠠᠭᠤᠷ ᠤᠨ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠢᠳᠡᠪᠬᠢᠲᠡᠶ | ᠥᠷᠨᠢᠭᠦᠯᠵᠦ᠂ ᠪᠥᠬᠦ ᠵᠢᠯ ᠳᠤ ᠰᠦᠯᠵᠢᠶᠡᠨ ᠤ ᠰᠢᠭᠤᠳ ᠨᠡᠪᠳᠡᠷᠡᠬᠦᠯᠭᠡ᠂ ᠲᠠᠮ ᠨᠡᠪᠳᠡᠷᠡᠬᠦᠯᠭᠡ ᠶᠢ ᠨᠡᠶᠢᠲᠡ 8 | ᠤᠳᠠᠭ᠎ᠠ ᠬᠢᠵᠡᠢ᠃ ᠡᠭᠦᠨ ᠳᠤ᠂ ︽2024 ᠣᠨ ᠤ ᠪᠥᠬᠦ ᠠᠷᠠᠳ ᠢᠶᠠᠷ ᠢᠶᠠᠨ ᠴᠢᠭᠢᠷᠠᠭᠵᠢᠬᠤ ᠲᠠᠮᠢᠷ ᠤᠨ | ᠴᠤᠭᠯᠠᠭᠠᠨ ᠤ ᠡᠬᠢᠯᠡᠯᠲᠡ ᠶᠢᠨ ᠶᠣᠰᠣᠯᠠᠯ︾ ᠤᠨ ᠰᠢᠭᠤᠳ ᠨᠡᠪᠲᠡᠷᠡᠭᠦᠯᠭᠡ ᠶᠢ ᠨᠡᠶᠢᠲᠡ 3 ᠲᠦᠮᠡᠨ ᠬᠥᠮᠥᠨ | ᠰᠣᠨᠢᠷᠬᠠᠵᠤ᠂ ᠮᠠᠰᠢ ᠰᠠᠶᠢᠨ ᠤᠬᠠᠭᠤᠯᠭ᠎ᠠ ᠶᠢᠨ ᠦᠷ᠎ᠡ ᠪᠦᠲᠦᠮᠵᠢ ᠳᠤ ᠬᠦᠷᠪᠡ᠃ ︽ᠡᠭᠦᠯᠡᠨ ᠲᠠᠪᠴᠠᠩ ᠢᠶᠠᠷ | ᠲᠠᠶᠢᠹᠤᠰᠧ ᠬᠤᠰᠢᠭᠤ ᠶᠢ ᠬᠠᠷᠠᠬᠤᠢ︾ ᠤᠳᠠᠭᠠᠨ ᠰᠢᠭᠤᠳ ᠨᠡᠪᠲᠡᠷᠡᠭᠦᠯᠭᠡ ᠨᠢ ᠣᠲᠣ ᠪᠣᠯᠲᠠᠯ᠎ᠠ ᠨᠢᠭᠡᠨᠲᠡ 270 | ᠭᠠᠷᠤᠶ ᠲᠠᠯᠠᠪᠠᠶ ᠰᠢᠭᠤᠳ ᠨᠡᠪᠲᠡᠷᠡᠭᠦᠯᠭᠡ ᠶᠢ ᠬᠢᠵᠦ᠂ ᠠᠩᠬᠠᠷᠤᠨ ᠬᠠᠨᠳᠤᠭᠤᠯᠤᠭᠰᠠᠨ ᠬᠦᠮᠦᠨ ᠲᠤᠭ᠎ᠠ 4.5 | ᠲᠦᠮᠡ ᠪᠣᠯᠵᠣ ᠨᠡᠮᠡᠭᠳᠡᠭᠡᠳ᠂ ᠬᠠᠷᠠᠵᠤ ᠰᠤᠨᠢᠷᠬᠠᠭᠰᠠᠨ ᠬᠦᠮᠦᠨ ᠲᠤᠭ᠎ᠠ ᠶᠢ ᠲᠡᠭᠰᠢᠳᠭᠡᠪᠡᠯ ᠡᠳᠦᠷ ᠤᠨ 7000 | ᠭᠠᠷᠤᠢ ᠳᠤ ᠬᠦᠷᠴᠦ᠂ ᠲᠤᠬᠠᠶ ᠶᠢᠨ ᠭᠠᠵᠠᠷ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠲᠠᠶᠠᠭᠠᠷ ᠲᠤ | ᠬᠠᠷᠠᠭᠤᠯᠤᠨ᠂ ᠨᠤᠳᠤᠭ ᠤᠰᠤᠨ ᠤ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ | ᠥᠷᠭᠡᠳᠬᠡᠬᠦ ᠳᠤ ᠢᠳᠡᠪᠬᠢᠲᠡᠶ ᠦᠢᠯᠡᠳᠦᠯ ᠭᠠᠷᠭᠠᠭᠰᠠᠨ ᠪᠠᠶᠢᠨ᠎ᠠ᠃ | 2025 ᠣᠨ ᠳᠤ᠂ ᠲᠠᠶᠢᠹᠤᠰᠧ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠨᠢ ᠤᠬᠠᠭᠤᠯᠭ᠎ᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠬᠠᠭᠤᠯᠭ᠎ᠠ ᠶᠢᠨ ᠵᠠᠭᠤᠴᠢᠯᠠᠭᠤᠷ ᠢ ᠪᠦᠲᠦᠮᠵᠢᠲᠡᠢ ᠬᠡᠷᠡᠭᠯᠡᠨ᠂ | ᠡᠷᠴᠢ ᠵᠣᠷᠢᠭ ᠢᠶᠠᠨ ᠬᠥᠪᠴᠢᠯᠡᠵᠦ᠂ ᠬᠦᠴᠦᠨ ᠴᠢᠳᠠᠯ ᠢ ᠨᠢᠭᠲᠠᠷᠠᠭᠤᠯᠤᠨ᠂ ᠲᠠᠶᠢᠹᠤᠰᠧ ᠬᠤᠰᠢᠭᠤᠨ ᠤ ᠪᠠᠨ | ᠥᠯᠢᠭᠡᠷ ᠢ ᠰᠠᠶᠢᠲᠤᠷ ᠶᠠᠷᠢᠵᠤ᠂ ᠲᠠᠶᠢᠹᠤᠰᠧ ᠬᠤᠰᠢᠭᠤᠨ ᠤ ᠪᠠᠨ ᠲᠠᠭᠤ ᠬᠤᠭᠤᠯᠠᠢ ᠶᠢ ᠲᠠᠮᠵᠢᠭᠤᠯᠤᠨ᠂ ᠲᠠᠶᠢᠹᠤᠰᠧ | ᠬᠤᠰᠢᠭᠤᠨ ᠤ ᠪᠠᠨ ᠳᠦᠷᠢ ᠲᠥᠷᠬᠦ ᠶᠢ ᠲᠠᠶᠠᠩ ᠳᠤ ᠬᠠᠷᠠᠭᠤᠯᠵᠤ᠂ ᠰᠣᠨᠢᠨ ᠮᠡᠳᠡᠭᠡᠨ ᠤ ᠲᠠᠮᠵᠢᠭᠤᠯᠬᠤ ᠬᠦᠴᠦᠨ᠂ | ᠵᠢᠯᠣᠭᠤᠳᠬᠤ ᠬᠦᠴᠦᠨ᠂ ᠨᠥᠯᠥᠭᠡᠯᠡᠬᠦ ᠬᠦᠴᠦᠨ᠂ ᠢᠲᠡᠭᠡᠭᠦᠯᠬᠦ ᠬᠦᠴᠦᠨ ᠢ ᠲᠠᠰᠤᠷᠠᠯᠲᠠ ᠥᠬᠡᠶ ᠨᠡᠮᠡᠭᠳᠡᠬᠦᠯᠦᠨ᠂ | ᠵᠢᠷᠭᠠᠯᠠᠩᠳᠤ ᠰᠠᠶᠢᠬᠠᠨ ᠲᠠᠶᠢᠹᠤᠰᠧ ᠬᠤᠰᠢᠭᠤ ᠶᠢ ᠪᠥᠬᠦ ᠲᠠᠯ᠎ᠠ ᠪᠠᠷ ᠪᠠᠶᠢᠭᠤᠯᠬᠤ ᠳᠤ ᠬᠦᠴᠦᠷᠬᠡᠭ ᠶᠡᠭᠡ ᠶᠠᠷᠢᠶ᠎ᠠ | ᠬᠡᠯᠡᠯᠴᠡᠭᠡᠨ ᠤ ᠳᠡᠮᠵᠢᠯᠭᠡ ᠬᠠᠩᠭᠠᠬᠤ ᠪᠠᠷ ᠪᠠᠶᠢᠨ᠎ᠠ᠃ |