ᠬᠤᠰᠢᠭᠤ ᠵᠠᠰᠠᠭ ᠤᠨ ᠣᠷᠳᠣᠨ ᠪᠠ ᠠᠵᠢᠯᠴᠢᠨ ᠤ ᠶᠡᠷᠦᠩᠬᠡᠢ ᠡᠪᠯᠡᠯ  ᠤᠨ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/18
   ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠠᠵᠢᠯᠴᠢᠨ ᠠᠩᠭᠢ ᠪᠠ ᠠᠵᠢᠯᠴᠢᠨ ᠤ ᠡᠪᠯᠡᠯ ᠤᠨ ᠠᠵᠢᠯ ᠤᠨ ᠲᠤᠬᠠᠢ  ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 12 ᠰᠠᠷ᠎ᠠ ᠶᠢᠨ 18 ᠤ ᠡᠳᠦᠷ ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠠ ᠠᠵᠢᠯᠴᠢᠨ ᠤ ᠶᠡᠷᠦᠩᠬᠡᠢ ᠡᠪᠯᠡᠯ ᠨᠢ 2024 ᠣᠨ ᠤ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠳᠡᠳ᠋ ᠬᠤᠰᠢᠭᠤ ᠳᠠᠷᠤᠭ᠎ᠠ ᠤᠶᠤᠨᠴᠡᠴᠡᠭ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠷᠠᠯ ᠲᠡᠭᠡᠷ᠎ᠡ᠂ ᠬᠤᠰᠢᠭᠤᠨ ᠤ ︽5.1 ᠬᠥᠳᠡᠯᠮᠦᠷᠢ ᠶᠢᠨ ᠵᠢᠱᠢᠶᠡᠴᠢ︾ ᠶᠢ ᠰᠢᠯᠭᠠᠷᠠᠭᠤᠯᠬᠤ ᠶᠠᠪᠤᠳᠠᠯ  ᠪᠠ ︽ᠬᠠᠶᠢᠷ᠎ᠠ ᠬᠠᠯᠠᠮᠵᠢ ᠶᠢᠨ  ᠦᠷᠳᠡᠭᠡᠨ︾ ᠤ ᠨᠤᠳᠤᠭ ᠰᠣᠩᠭᠤᠬᠤ ᠶᠠᠪᠤᠳᠠᠯ ᠢ ᠰᠤᠳᠤᠯᠤᠭᠰᠠᠨ ᠪᠥᠭᠡᠳ ᠠᠵᠢᠯᠴᠢᠨ ᠤ ᠶᠡᠷᠦᠩᠬᠡᠶ ᠡᠪᠯᠡᠯ ᠤᠨ 2024 ᠣᠨ ᠤ ᠠᠵᠢᠯ ᠤᠨ ᠬᠠᠷᠢᠭᠤ ᠮᠡᠳᠡᠬᠦᠯᠦᠯᠳᠡ ᠶᠢ ᠰᠣᠨᠣᠰᠪᠠ᠃ ᠬᠤᠷᠠᠯ ᠠᠴᠠ ᠵᠢᠭᠠᠵᠤ  ᠭᠠᠷᠭᠠᠬᠤ ᠳᠠᠭᠠᠨ᠂ ᠡᠯ᠎ᠡ ᠰᠠᠯᠠᠭ᠎ᠠ ᠮᠥᠴᠢᠷ ᠤᠨ ᠬᠢᠨ ᠠᠵᠢᠯᠴᠢᠨ ᠤ ᠡᠪᠯᠡᠯ ᠤᠨ ᠠᠵᠢᠯ ᠢ ᠬᠠᠯᠠᠮᠵᠢᠯᠠᠨ ᠳᠠᠮᠵᠢᠵᠤ᠂ ᠵᠥᠪᠯᠡᠨ ᠲᠣᠭᠲᠠᠭᠰᠠᠨ ᠤᠴᠢᠷ ᠶᠠᠪᠤᠳᠠᠯ ᠢ ᠲᠦᠷᠭᠡᠨ ᠨᠠᠶᠢᠳᠠᠪᠤᠷᠢᠵᠢᠭᠤᠯᠵᠤ᠂ ᠠᠵᠢᠯ ᠤᠨ ᠶᠠᠪᠤᠴᠠ ᠳᠠᠬᠢ ᠬᠦᠴᠢᠷ ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠨ᠂ ᠪᠦᠬᠦ ᠬᠤᠰᠢᠭᠤᠨ ᠤ ᠠᠵᠢᠯᠳᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠵᠤ᠂ ᠠᠵᠢᠯᠴᠢᠨ ᠤ ᠡᠪᠯᠡᠯ ᠤᠨ ᠡᠭᠦᠷᠭᠡ ᠪᠠᠨ ᠭᠦᠢᠴᠡᠳᠬᠡᠬᠦ᠂ ᠦᠢᠯᠡᠳᠦᠯ ᠢᠶᠠᠨ ᠪᠠᠳᠠᠷᠠᠭᠤᠯᠬᠤ᠂ ᠠᠵᠢᠯᠳᠠᠨ ᠠᠵᠢᠯᠴᠢᠨ ᠳᠤ ᠦᠢᠯᠡᠴᠢᠯᠡᠬᠦ ᠳᠤ ᠨᠡᠩ ᠠᠰᠢᠭᠲᠠᠢ ᠨᠥᠬᠦᠴᠡᠯ ᠢ ᠡᠭᠦᠳᠴᠦ᠂ ᠠᠵᠢᠯᠳᠠᠨ ᠠᠵᠢᠯᠴᠢᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠪᠦᠬᠦ ᠬᠤᠰᠢᠭᠤᠨ ᠤ ᠠᠵᠢᠯᠴᠢᠨ ᠤ ᠡᠪᠯᠡᠯ ᠤᠨ ᠠᠵᠢᠯ ᠤᠨ ᠰᠢᠨ᠎ᠡ ᠳᠡᠭᠲᠡᠷ ᠲᠤ ᠭᠠᠷᠴᠤ ᠰᠢᠨ᠎ᠡ ᠠᠮᠵᠢᠯᠳᠠ ᠤᠯᠬᠤ ᠶᠢ ᠠᠬᠢᠭᠤᠯᠬᠤ ᠬᠡᠷᠡᠭᠲᠡᠢ᠃  ᠨᠠᠮ ᠤᠨ ᠪᠠᠶᠢᠭᠤᠯᠤᠯᠲᠠ ᠪᠠᠷ ᠠᠵᠢᠯᠴᠢᠨ ᠤ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ ᠶᠢ ᠢᠮᠠᠭᠲᠠ ᠪᠠᠷᠢᠮᠳᠠᠯᠠᠨ᠂ ᠠᠵᠢᠯᠳᠠᠨ ᠠᠵᠢᠯᠴᠢᠨ ᠤ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠲᠠᠰᠤᠷᠠᠯᠳᠠ ᠦᠭᠡᠢ ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠠᠵᠢᠯᠳᠠᠨ ᠠᠵᠢᠯᠴᠢᠨ ᠨᠢᠭᠡᠪᠦᠷᠢ ᠶᠢᠨ ᠰᠡᠳᠬᠢᠯ ᠳᠤ ᠲᠠᠮᠵᠢᠭᠤᠯᠬᠤ ᠭᠡᠷᠡᠭᠳᠡᠢ᠃ ᠠᠵᠢᠯᠴᠢᠨ ᠤ ᠡᠪᠯᠡᠯ ᠤᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯᠲᠠᠨ ᠠᠵᠢᠯᠴᠢᠨ ᠳᠤ ᠦᠢᠯᠡᠴᠢᠯᠡᠬᠦ ᠦᠢᠯᠡᠳᠦᠯ ᠴᠢᠳᠠᠮᠵᠢ ᠪᠠ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠨᠡᠮᠡᠭᠳᠡᠬᠦᠯᠦᠨ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠦᠪᠯᠡᠷᠡᠬᠦᠯᠵᠦ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠭᠡᠷᠡᠭᠳᠡᠢ᠃ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠰᠠᠶᠢᠲᠤᠷ ᠪᠠᠳᠠᠷᠠᠭᠤᠯᠵᠤ᠂ ᠲᠦᠷᠪᠡᠨ ᠤᠯᠠᠷᠢᠯ ᠤᠨ ᠬᠠᠶᠢᠷ᠎ᠠ ᠬᠠᠯᠠᠮᠵᠢ ᠬᠦᠷᠭᠡᠬᠦ ᠦᠢᠯᠡᠴᠢᠯᠡᠭᠡ ᠶᠢ ᠦᠨᠡᠨ ᠪᠤᠳᠠᠳᠠᠢ ᠦᠷᠨᠢᠬᠦᠯᠦᠨ᠂ ᠠᠵᠢᠯᠳᠠᠨ ᠠᠵᠢᠯᠴᠢᠨ ᠤ ᠠᠶᠤᠯᠭᠦᠢ ᠦᠢᠯᠡᠳᠪᠦᠷᠢᠯᠡᠯ᠂ ᠪᠡᠶ᠎ᠡ ᠶᠢᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠬᠠᠮᠲᠤᠷᠠᠭᠰᠠᠨ ᠬᠤᠷᠠᠯ ᠤᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠠᠮᠢᠵᠢᠷᠠᠯ ᠤᠨ ᠬᠦᠴᠦᠨ ᠢ ᠨᠡᠮᠡᠭᠳᠡᠬᠦᠯᠦᠨ᠂ ᠠᠵᠢᠯᠳᠠᠨ ᠠᠵᠢᠯᠴᠢᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠢᠯᠤᠭᠤᠳᠬᠠᠵᠤ᠂ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠤᠨ᠂ ᠠᠵᠢᠯᠳᠠᠨ ᠠᠵᠢᠯᠴᠢᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠠᠵᠢᠯᠳᠠᠨ ᠠᠵᠢᠯᠴᠢᠨ ᠤ ᠰᠠᠶᠢᠨ ᠰᠠᠨᠠᠯ ᠰᠠᠨᠠᠭᠤᠯᠭ᠎ᠠ ᠶᠢ ᠬᠦᠯᠢᠶᠡᠨ ᠠᠪᠴᠤ ᠠᠵᠢᠯᠳᠠᠨ ᠠᠵᠢᠯᠴᠢᠨ ᠳᠤ ᠦᠢᠯᠡᠴᠢᠯᠡᠬᠦ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ  ᠭᠡᠪᠡ᠃
 
ᠢᠷᠡᠯᠲᠡ᠄ ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号