ᠪᠤᠤᠴᠠᠩ ᠪᠠᠯᠭᠠᠰᠤ ᠬᠢᠮᠢ ᠶᠢᠨ ᠪᠤᠷᠳᠤᠭᠤᠷ ᠪᠠ ᠲᠠᠷᠢᠶᠠᠨ ᠡᠮ ᠭᠡᠷᠡᠭᠯᠡᠬᠦ ᠮᠡᠳᠡᠯᠭᠡ ᠶᠢᠨ ᠪᠤᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2024/12/19
  12 ᠰᠠᠷ᠎ᠠ ᠶᠢᠨ 17 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠬᠢᠨ ᠪᠣᠤᠴᠠᠩ ᠪᠠᠯᠭᠠᠰᠤᠨ ᠳᠤ ᠬᠦᠨᠵᠡᠬᠡᠶᠢᠷᠡᠵᠦ᠂ ᠬᠢᠮᠢ ᠶᠢᠨ ᠪᠣᠷᠲᠣᠭᠤᠷ ᠪᠠ ᠲᠠᠷᠢᠶᠠᠨ ᠡᠮ ᠢ ᠭᠡᠷᠡᠭᠯᠡᠬᠦ ᠬᠠᠮᠢᠶ᠎ᠠ ᠪᠥᠬᠦᠶ ᠮᠡᠳᠡᠯᠭᠡ ᠶᠢᠨ ᠪᠤᠯᠪᠠᠰᠤᠷᠠᠯ ᠡᠷᠬᠢᠯᠡᠵᠦ᠂ ᠳᠡᠳ᠋ ᠪᠠᠯᠭᠠᠰᠤᠨ ᠳᠠᠷᠤᠭ᠎ᠠ ᠯᠢᠦ ᠴᠦᠨ ᠵᠢᠶᠧ ᠬᠤᠷᠠᠯ ᠢ ᠡᠷᠬᠢᠯᠡᠨ᠂  ᠡᠯ᠎ᠡ ᠲᠣᠰᠬᠤᠨ ᠤ ᠲᠠᠷᠢᠮᠠᠯ ᠤᠨ ᠲᠣᠮᠣ ᠡᠷᠦᠬᠡ ᠤᠳ ᠬᠤᠷᠠᠯ ᠳᠤ ᠣᠷᠣᠯᠴᠠᠵᠠᠶ᠃ ᠪᠣᠯᠪᠠᠰᠤᠷᠠᠯ ᠳᠡᠭᠡᠷ᠎ᠡ᠂  ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠠᠵᠢᠯᠳᠠᠨ ᠵᠠᠩ ᠴᠦᠨ ᠴᠢᠩ᠂ ᠯᠢ ᠾᠦᠢ ᠠᠴᠠ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠶᠢᠨ ᠠᠴᠢ ᠬᠤᠯᠪᠣᠭᠳᠠᠯ ᠡᠬᠦᠷᠭᠡ ᠬᠠᠷᠠᠯᠲᠠ ᠵᠢᠴᠢ ᠲᠠᠷᠢᠶᠠᠨ ᠡᠮ ᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ ᠠᠷᠭ᠎ᠠ ᠬᠡᠮᠵᠢᠶ᠎ᠡ ᠶᠢ ᠭᠦᠨᠵᠡᠭᠡᠶ ᠲᠠᠶᠢᠯᠪᠤᠷᠢᠯᠠᠭᠰᠠᠨ ᠪᠥᠭᠡᠳ ᠲᠠᠷᠢᠮᠠᠯ ᠤᠨ ᠡᠷᠦᠬᠡ ᠶᠢ ᠵᠢᠯᠣᠭᠤᠳᠤᠨ ᠲᠠᠷᠢᠶᠠᠨ ᠡᠮ ᠬᠡᠷᠡᠭᠯᠡᠬᠦ ᠪᠠᠶᠢᠴᠠᠭᠠᠯᠲᠠ ᠶᠢᠨ ᠬᠦᠰᠦᠨᠦᠭᠲᠦ ᠪᠠ 2024 ᠣᠨ ᠤ ᠪᠤᠷᠳᠤᠭᠤᠷ ᠣᠷᠣᠭᠤᠯᠬᠤ ᠪᠠᠶᠢᠴᠠᠭᠠᠯᠲᠠ ᠶᠢᠨ ᠬᠦᠰᠦᠨᠦᠭᠲᠦ ᠶᠢ ᠲᠠᠭᠯᠠᠪᠠ᠃ ᠲᠠᠷᠠᠭᠠᠴᠢ ᠪᠠᠷ᠂ ᠪᠤᠤᠴᠠᠩ ᠪᠠᠯᠭᠠᠰᠤ ᠨᠢ ᠬᠢᠮᠢ ᠶᠢᠨ ᠪᠤᠷᠳᠤᠭᠤᠷ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠪᠠᠷ ᠲᠠᠮᠵᠢᠨ᠂ ᠬᠥᠷᠥᠰᠥ ᠰᠢᠷᠣᠢ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠵᠤ᠂ ᠪᠦᠬᠦ ᠪᠠᠯᠭᠠᠰᠤᠨ ᠤ ᠠᠮᠢ ᠠᠬᠤᠢ ᠣᠷᠴᠢᠨ ᠲᠣᠭᠤᠷᠢᠨ ᠪᠣᠯᠤᠨ ᠲᠠᠷᠢᠶᠠᠯᠠᠩ ᠤᠨ ᠦᠷᠬᠦᠯᠵᠢᠯᠡᠭᠰᠡᠨ ᠬᠥᠭᠵᠢᠯᠲᠡ ᠶᠢ ᠠᠬᠢᠭᠤᠯᠬᠤ ᠳᠤ  ᠪᠠᠳᠤ ᠰᠠᠭᠤᠷᠢ ᠶᠢ ᠲᠠᠯᠪᠢᠬᠤ ᠪᠠᠷ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号