ᠬᠦᠨᠪᠤᠯᠠᠭ ᠰᠤᠮᠤ ︽ᠲᠠᠪᠤᠨ ᠮᠡᠳᠡᠷᠡᠬᠦᠢ︾ ᠶᠢ ᠪᠠᠳᠤᠳᠬᠠᠨ ᠦᠨᠳᠦᠰᠦᠲᠡᠨ ᠤ ᠪᠦᠯᠬᠦᠮᠳᠡᠯ ᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/12/19
  ᠭᠦᠨᠪᠤᠯᠠᠭ ᠰᠤᠮᠤ ᠨᠢ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠲᠤᠤᠱᠯᠠᠭᠤᠯᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠤ ᠪᠠᠷ ᠭᠤᠤᠯ ᠰᠢᠵᠢᠮ ᠪᠣᠯᠭᠠᠵᠤ᠂ ︽ᠲᠠᠪᠤᠨ ᠮᠡᠳᠡᠷᠡᠬᠦᠢ︾ ᠶᠢ ᠪᠠᠳᠤᠳᠬᠠᠨ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠪᠠᠶᠢᠭᠤᠯᠬᠤ ᠶᠢ ᠠᠵᠢᠯ ᠤᠨ ᠭᠤᠤᠯ ᠰᠡᠳᠦᠪ ᠪᠣᠯᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠰᠢᠯᠢᠳᠡᠭᠵᠢᠬᠦᠯᠦᠨ᠂ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠶ  ᠦᠷᠨᠢᠬᠦᠯᠵᠦ ᠢᠷᠡᠵᠡᠢ᠃    ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠭᠰᠠᠨ᠃ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠦᠨᠳᠦᠰᠦᠲᠡᠨ ᠤ ᠠᠵᠢᠯ ᠢ 2024 ᠣᠨ ᠤ ᠠᠵᠢᠯ ᠤᠨ ᠲᠥᠯᠥᠪᠯᠡᠭᠡ᠂ ᠨᠠᠮ ᠤᠨ ᠬᠤᠷᠢᠶᠠᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ  ᠵᠢᠴᠢ ᠨᠠᠮ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠳᠤ  ᠤᠷᠤᠭᠤᠯᠤᠨ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠬᠤ ᠲᠥᠯᠥᠪᠯᠡᠭᠡ ᠳᠡᠭᠡᠨ ᠣᠷᠣᠭᠤᠯᠵᠤ᠂ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠶᠢ 1 ᠤᠳᠠᠭ᠎ᠠ ᠬᠢᠵᠦ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭᠠᠨ ᠤ ᠪᠠᠶᠢᠷᠢᠯᠠᠭᠤᠯᠤᠯᠲᠠ ᠶᠢᠨ ᠬᠤᠷᠠᠯ ᠢ 2 ᠤᠳᠠᠭ᠎ᠠ ᠬᠤᠷᠠᠯᠳᠤᠭᠤᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠷ᠎ᠠ ᠪᠠᠷ ᠠᠵᠠ ᠲᠣᠬᠢᠶᠠᠯ ᠪᠣᠯᠭᠠᠵᠤ᠂  ᠬᠤᠰᠢᠭᠤᠨ ᠤ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ 1 ᠤᠳᠠᠭ᠎ᠠ ᠡᠷᠬᠢᠯᠡᠵᠦ᠂ ᠠᠵᠢᠯᠯᠠᠭᠠᠨ ᠤ ᠬᠡᠯᠪᠡᠷᠢ ᠶᠢ ᠰᠢᠨᠡᠴᠢᠯᠡᠨ  ᠠᠭᠤᠯᠭ᠎ᠠ ᠶᠢ ᠪᠠᠶᠠᠯᠢᠭᠵᠢᠭᠤᠯᠵᠤ᠂ ᠦᠨᠳᠦᠰᠦᠲᠡᠨ ᠤ ᠪᠦᠯᠬᠦᠮᠳᠡᠯ ᠰᠣᠯᠢᠯᠴᠠᠭ᠎ᠠ ᠠᠭᠤᠰᠤᠯᠴᠠᠯ ᠢ ᠠᠬᠢᠭᠤᠯᠤᠭᠰᠠᠨ ᠪᠠᠶᠢᠨ᠎ᠠ᠃ ᠬᠤᠶᠠᠷ ᠲᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ  ᠨᠡᠮᠡᠭᠳᠡᠬᠦᠯᠦᠭᠰᠡᠨ᠃ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠢᠶᠠᠷ ᠠᠵᠠ ᠲᠣᠬᠢᠶᠠᠯ ᠪᠣᠯᠭᠠᠨ ︽ᠠᠷᠠᠳ ᠤᠨ ᠲᠥᠯᠥᠭᠡᠯᠡᠭᠴᠢᠳ ᠤᠨ ᠭᠡᠷ︾  ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠵᠡᠷᠭᠡ ᠰᠠᠭᠤᠷᠢᠨ ᠭᠠᠵᠠᠷ ᠢ ᠠᠰᠢᠭᠯᠠᠨ᠂  ︽ᠤᠯᠠᠭᠠᠨ ᠪᠢᠴᠢᠭ ᠤᠨ ᠪᠣᠭᠴᠣ︾  ᠤᠬᠠᠭᠤᠯᠭ᠎ᠠ ᠶᠢᠨ ᠠᠩᠬᠢ ᠶᠢ ᠵᠣᠬᠢᠶᠠᠨ ᠪᠠᠶᠢᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠡᠳᠦᠪᠲᠦ ᠤᠬᠠᠭᠤᠯᠭ᠎ᠠ ᠲᠠᠶᠢᠯᠤᠮᠵᠢ ᠶᠢ 7 ᠤᠳᠠᠭ᠎ᠠ ᠦᠷᠨᠢᠬᠦᠯᠵᠡᠢ᠃  ᠤᠯᠤᠰ ᠤᠨ ᠪᠠᠶᠠᠷ ᠤᠨ ᠬᠤᠭᠤᠴᠠᠭᠠᠨ ᠳᠤ᠂ ᠪᠦᠬᠦ ᠰᠤᠮᠤᠨ ᠤ 19 ᠭᠠᠴᠠᠭ᠎ᠠ ᠨᠢ ᠤᠯᠤᠰ ᠤᠨ ᠲᠤᠭ 140᠂  ᠤᠬᠠᠭᠤᠯᠭ᠎ᠠ ᠶᠢᠨ ᠪᠢᠴᠢᠭᠡᠰᠦ 40 ᠶᠢ ᠡᠯᠬᠦᠨ᠂  ᠤᠬᠠᠭᠤᠯᠭ᠎ᠠ ᠶᠢᠨ  ᠵᠠᠷᠯᠠᠯ 60 ᠭᠠᠷᠤᠢ ᠶᠢ ᠨᠠᠭᠠᠵᠤ  ᠂ ︽ᠲᠠᠪᠤᠨ ᠮᠡᠳᠡᠷᠡᠬᠦᠢ︾ ᠶᠢ ᠴᠢᠩᠭᠠᠳᠬᠠᠬᠤ ᠪᠠᠷ ᠤᠳᠤᠷᠢᠳᠤᠮᠵᠢ ᠪᠤᠯᠭᠠᠨ᠂  ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠥᠷᠭᠡᠨ ᠢᠶᠠᠷ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨᠬᠦ ᠪᠠᠳᠤᠳᠬᠠᠭᠰᠠᠨ ᠪᠠᠶᠢᠨ᠎ᠠ᠃ ᠭᠤᠷᠪᠠ ᠳᠤ᠂ ᠠᠵᠢᠯ ᠤᠨ ᠠᠷᠭ᠎ᠠ  ᠪᠠᠷᠢᠯ ᠢᠶᠠᠨ ᠰᠢᠨᠡᠴᠢᠯᠡᠵᠦ᠂ ᠪᠦᠯᠬᠦᠮᠳᠡᠯ ᠤᠨ ᠰᠠᠭᠤᠷᠢᠨ ᠭᠠᠵᠠᠷ ᠢ ᠪᠠᠲᠤ ᠴᠤᠭᠴᠠᠯᠠᠭᠰᠠᠨ᠃ ︽ᠢᠨᠲ᠋ᠧᠷ  ᠰᠦᠯᠵᠢᠶ᠎ᠡ + ᠦᠨᠳᠦᠰᠦᠲᠡᠨ ᠤ ᠪᠦᠯᠬᠦᠮᠳᠡᠯ︾  ᠤᠬᠠᠭᠤᠯᠭ᠎ᠠ ᠶᠢᠨ ᠰᠠᠭᠤᠷᠢᠨ ᠭᠠᠵᠠᠷ ᠢ ᠪᠠᠶᠢᠭᠤᠯᠵᠤ  ᠰᠤᠷᠤᠯᠴᠠᠯᠭ᠎ᠠ ᠶᠢᠨ ᠬᠦᠴᠦᠷᠬᠡᠭ ᠤᠯᠤᠰ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠳᠤ ᠲᠦᠰᠢᠭᠯᠡᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠬᠥᠮᠦᠵᠢᠯ ᠢ ᠢᠳᠡᠪᠬᠢᠲᠡᠶ ᠥᠷᠨᠢᠭᠦᠯᠵᠦ᠂ ᠤᠬᠠᠭᠤᠯᠭ᠎ᠠ ᠬᠥᠮᠦᠵᠢᠯ ᠤᠨ ᠬᠠᠨᠳᠤᠯᠭᠠᠲᠤ ᠴᠢᠨᠠᠷ ᠪᠠ ᠪᠦᠳᠦᠮᠵᠢᠳᠦ ᠴᠢᠨᠠᠷ ᠢ ᠴᠢᠩᠭᠠᠷᠠᠭᠤᠯᠤᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠵᠢᠯᠣᠭᠤᠳᠴᠤ ᠦᠨᠳᠦᠰᠦᠲᠡᠨ ᠤ ᠠᠵᠢᠯ ᠳᠤ ᠢᠳᠡᠪᠬᠢᠲᠡᠶ ᠤᠷᠤᠯᠴᠠᠭᠤᠯᠪᠠ᠃  ᠡᠬᠦᠨ ᠤ ᠬᠠᠮᠳᠤ᠂ ᠠᠮᠤᠷ ᠲᠦᠪᠰᠢᠨ ᠤ ᠳᠠᠯᠳᠠ ᠭᠡᠮ ᠤᠨ ᠪᠠᠶᠢᠴᠠᠭᠠᠯᠳᠠ ᠶᠢ ᠴᠢᠩᠭᠠᠳᠬᠠᠨ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠦᠷᠢᠮ ᠢ ᠡᠷᠦᠬᠡ ᠪᠣᠯᠭᠠᠨ ᠳᠤ ᠮᠡᠳᠡᠭᠦᠯᠬᠦ  ᠪᠠᠷ ᠴᠢᠷᠮᠠᠶᠢᠵᠤ᠂ ᠦᠨᠳᠦᠰᠦᠨ ᠱᠠᠲᠤᠨ ᠳᠤ  ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠨᠡᠪᠳᠡᠷᠡᠬᠦᠯᠦᠨ᠂ ︽ᠲᠠᠪᠤᠨ ᠮᠡᠳᠡᠷᠡᠬᠦᠢ︾ ᠶᠢ ᠪᠠᠳᠤᠳᠬᠠᠵᠤ᠂ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠠᠬᠢᠭᠤᠯᠤᠭᠰᠠᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号