ᠬᠠᠯᠠᠭᠤᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠲᠤᠬᠠᠢ
ᠨᠡᠶᠢᠲᠡᠯᠡᠭᠰᠡᠨ ᠴᠠᠭ᠄
2024/12/2
  ᠡᠷᠡᠭᠦᠯ ᠰᠠᠷᠠᠭᠤᠯ ᠪᠠᠶᠢᠬᠤ ᠶᠢ ᠬᠦᠮᠦᠨ ᠪᠦᠷᠢ ᠬᠦᠰᠡᠳᠡᠭ᠂ ᠲᠡᠭᠡᠪᠡᠯ ᠡᠷᠡᠭᠦᠯ ᠴᠢᠬᠢᠷᠠᠭ ᠪᠠᠶᠢᠶ᠎ᠠ ᠭᠡᠪᠡᠯ ᠪᠢᠳᠡ ᠪᠦᠬᠦᠨ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ᠂ ᠰᠡᠳᠬᠢᠯ ᠰᠠᠨᠠᠭ᠎ᠠ ᠢᠶᠠᠨ ᠲᠠᠶᠢᠪᠤᠩ ᠪᠠᠶᠢᠯᠭᠠᠬᠤ ᠴᠢᠬᠤᠯᠠ ᠲᠠᠢ ᠪᠠᠶᠢᠳᠠᠭ᠃ ᠤᠳᠤ ᠪᠢ ᠲᠠ ᠪᠦᠬᠦᠨ ᠲᠠᠢ ᠪᠠᠨ ᠬᠠᠯᠠᠭᠤᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠲᠤᠬᠠᠢ ᠤᠯᠠᠮᠵᠢᠯᠠᠯᠳᠤ ᠮᠤᠩᠭᠤᠯ ᠠᠨᠠᠭᠠᠬᠤ ᠤᠬᠠᠭᠠᠨ ᠳᠤ ᠶᠠᠭᠠᠬᠢᠵᠤ ᠰᠡᠷᠭᠡᠶᠢᠯᠡᠵᠦ ᠪᠠᠶᠢᠬᠤ ᠢ ᠬᠤᠪᠢᠶᠠᠯᠴᠠᠶ᠎ᠠ᠃ ᠡᠷᠡᠭᠦᠯ ᠦᠶ᠎ᠡ ᠶᠢᠨ ᠶᠡᠷᠦᠳᠡ ᠶᠢᠨ ᠰᠤᠪᠢᠯᠠᠯᠳᠠ ᠶᠢ ᠬᠠᠯᠳᠠᠪᠤᠷᠢᠳᠤ ᠡᠪᠡᠳᠴᠢᠨ ᠲᠡᠯᠭᠡᠷᠡᠵᠦ ᠪᠠᠶᠢᠭ᠎ᠠ ᠦᠶ᠎ᠡ ᠪᠠ ᠶᠡᠷᠦ ᠶᠢᠨ ᠬᠠᠯᠠᠭᠤᠨ ᠤ ᠦᠶ᠎ᠡ ᠶᠢᠨ ᠰᠤᠪᠢᠯᠠᠯᠳᠠ ᠲᠠᠢ ᠨᠢᠭᠳᠠ ᠤᠶᠠᠯᠳᠠᠭᠤᠯᠤᠨ ᠰᠤᠪᠢᠯᠠᠬᠤ ᠬᠡᠷᠡᠭᠲᠠᠢ᠃ ᠡᠨᠡ ᠨᠢ ᠳᠠᠷᠤᠢ ᠡᠷᠡᠭᠦᠯ ᠪᠡᠶ᠎ᠡ ᠨᠢ ᠬᠠᠯᠳᠠᠪᠦᠷᠢᠳᠦ ᠡᠪᠡᠳᠴᠢᠨ ᠳᠤ ᠨᠡᠷᠪᠡᠭᠳᠡᠬᠦ ᠪᠤᠶᠤ ᠶᠡᠷᠦ ᠶᠢᠨ ᠬᠠᠯᠠᠭᠤᠨ ᠲᠡᠭᠡᠷ᠎ᠡ ᠨᠢᠶᠠᠨ ᠪᠠ ᠬᠢᠵᠢᠭ ᠲᠠᠪᠬᠤᠷᠯᠠᠬᠤ ᠵᠡᠷᠭᠡ ᠶᠢ ᠤᠨᠴᠠ ᠬᠢᠴᠢᠶᠡᠵᠦ᠂ ᠰᠤᠪᠢᠯᠠᠯᠳᠠ ᠪᠤᠯᠤᠨ ᠰᠡᠷᠭᠡᠶᠢᠯᠡᠬᠦ ᠠᠵᠢᠯ ᠢᠶᠠᠨ ᠠᠮᠢᠳᠤᠯᠢᠭ ᠮᠦᠷᠳᠡᠭᠡᠨ  ᠦᠨᠡᠨ ᠪᠤᠳᠠᠳᠠᠢ ᠪᠠᠷ ᠬᠦᠢᠴᠡᠳᠬᠡᠬᠦ ᠶᠠᠪᠤᠳᠠᠯ ᠪᠤᠯᠤᠨ᠎ᠠ᠃  ᠮᠤᠩᠭᠤᠯ ᠤᠯᠠᠮᠵᠢᠯᠠᠯᠳᠤ ᠠᠨᠠᠭᠠᠬᠤ ᠤᠬᠠᠭᠠᠨ  ᠳᠤ ᠬᠠᠯᠳᠠᠪᠤᠷᠢᠳᠦ ᠴᠢᠨᠠᠷ ᠲᠠᠢ ᠬᠠᠯᠠᠭᠤᠨ ᠡᠪᠡᠳᠴᠢᠨ᠂ ᠬᠢᠵᠢᠭ ᠢ ᠰᠡᠷᠭᠡᠶᠢᠯᠡᠨ ᠵᠠᠰᠠᠬᠤ ᠠᠷᠭ᠎ᠠ᠂ ᠡᠮ ᠵᠠᠰᠠᠯ ᠲᠤᠩ ᠤᠯᠠᠨ ᠪᠠᠶᠢᠳᠠᠭ᠃  ᠡᠨᠡ ᠨᠢ ᠬᠠᠯᠳᠠᠪᠦᠷᠢᠯᠠᠯ ᠤᠨ ᠡᠬᠢ ᠰᠤᠷᠪᠤᠯᠵᠢ ᠶᠢ ᠬᠤᠷᠢᠭᠯᠠᠬᠤ᠂ ᠬᠠᠯᠳᠠᠪᠦᠷᠢᠯᠠᠬᠤ ᠵᠠᠮ ᠢ ᠳᠠᠰᠤᠯᠠᠬᠤ ᠪᠠ ᠬᠢᠯᠪᠠᠷ ᠬᠠᠯᠳᠠᠪᠤᠷᠢᠯᠠᠭᠴᠢ ᠶᠢ ᠡᠷᠡᠰ ᠵᠤᠭᠰᠤᠭᠠᠬᠤ ᠡᠳᠡᠭᠡᠷ ᠨᠢ ᠪᠦᠷ ᠰᠡᠷᠭᠡᠶᠢᠯᠡᠨ ᠵᠠᠰᠠᠬᠤ ᠳᠤ ᠴᠢᠬᠤᠯᠠ ᠠᠴᠢ ᠬᠤᠯᠪᠤᠭᠳᠠᠯ ᠦᠵᠡᠭᠦᠯᠳᠡᠭ᠃  ᠬᠦᠮᠦᠨ ᠤ ᠪᠡᠶ᠎ᠡ ᠳᠤ ᠡᠮ ᠵᠡᠭᠦᠯᠭᠡᠵᠦ ᠰᠡᠷᠭᠡᠶᠢᠯᠡᠨ ᠰᠤᠪᠢᠯᠠᠬᠤ ᠠᠷᠭ᠎ᠠ ᠪᠤᠯ ᠡᠮᠳᠦ ᠪᠤᠳᠠᠰ ᠤᠨ ᠦᠨᠦᠷ ᠤᠨ ᠴᠢᠳᠠᠯ ᠢᠶᠠᠷ ᠡᠪᠡᠳᠴᠢᠨ ᠢ ᠰᠡᠷᠭᠡᠶᠢᠯᠡᠬᠦ ᠠᠷᠭ᠎ᠠ ᠪᠠᠶᠢᠵᠤ᠂ ᠡᠨᠡ ᠨᠢ ᠬᠠᠯᠪᠤᠷᠢᠳᠦ ᠡᠪᠡᠳᠴᠢᠨ ᠶᠢ ᠰᠡᠷᠭᠡᠶᠢᠯᠡᠬᠦ ᠳᠤ ᠨᠡᠶᠢᠳᠡᠮ ᠬᠡᠷᠡᠭᠯᠡᠵᠦ ᠪᠤᠯᠬᠤ ᠳᠥᠭᠦᠮ ᠠᠷᠭ᠎ᠠ ᠶᠢᠨ ᠨᠢᠭᠡ ᠪᠤᠯᠤᠨ᠎ᠠ᠂ ᠡᠭᠦᠨ ᠳᠤ ᠭᠤᠣᠯᠳᠠᠭᠤ ᠶᠢᠰᠦᠨ ᠬᠠᠷ᠎ᠠ ᠶᠢᠨ ᠨᠠᠶᠢᠷᠠᠯᠭ᠎ᠠ᠂ ᠭᠦᠭᠦᠯ ᠨᠠᠢᠮᠠ ᠶᠢᠨ ᠨᠠᠶᠢᠷᠠᠯᠭ᠎ᠠ ︵ᠨᠡᠮᠡᠯᠳᠡ ᠲᠠᠢ︶ ᠵᠡᠷᠭᠡ ᠠᠴᠠ ᠰᠤᠩᠭᠤᠵᠤ ᠪᠥᠰ ᠢᠶᠠᠷ ᠪᠠᠭᠯᠠᠭᠠᠳ ᠪᠡᠶ᠎ᠡ ᠳᠤᠨᠢ ᠵᠡᠭᠦᠯᠭᠡᠬᠦ  ᠶᠢ ᠬᠡᠯᠡᠵᠠᠢ᠃ ᠪᠠᠰᠠ ᠤᠳᠤᠵᠦ ᠰᠡᠷᠭᠡᠶᠢᠯᠡᠬᠦ ᠨᠢᠭᠡᠨ ᠵᠦᠢᠯ ᠤᠨ ᠠᠷᠭ᠎ᠠ ᠪᠠᠶᠢᠳᠠᠭ᠂ ᠡᠨᠡ ᠪᠦᠬᠦᠨ ᠶᠢ ᠯᠠᠮ᠎ᠠ ᠡᠮᠴᠢ ︵ᠮᠠᠨᠷᠠᠨᠪᠠ︶ ᠨᠠᠷ ᠢᠯᠡᠭᠦᠦ ᠬᠡᠷᠡᠭᠯᠡᠵᠦ᠂ ᠢᠷᠡᠭᠰᠡᠨ ᠰᠦᠵᠢᠭᠳᠡᠨ ᠪᠤᠯᠠᠭᠠᠨ ᠳᠤ ᠤᠳᠤᠯᠭ᠎ᠠ ᠰᠠᠩ ᠦᠭᠭᠦᠳᠡᠭ ᠨᠢ ᠶᠠᠮᠠᠷ ᠨᠢᠭᠡ ᠵᠦᠢᠯ ᠠᠴᠠ ᠰᠡᠷᠭᠡᠶᠢᠯᠡᠭᠦᠯᠵᠦ ᠪᠠᠶᠢᠭᠰᠠᠨ ᠨᠢ ᠭᠠᠶᠢᠬᠠᠯᠳᠠᠢ᠂ ᠮᠤᠩᠭᠤᠯ ᠤᠯᠠᠮᠵᠢᠯᠠᠯᠳᠤ ᠠᠨᠠᠭᠠᠬᠤ ᠤᠬᠠᠭᠠᠨ ᠳᠤ ᠴᠤ ᠤᠳᠤᠬᠤ ᠠᠷᠭ᠎ᠠ ᠪᠠᠷ ᠡᠪᠡᠳᠴᠢᠨ ᠬᠢᠵᠢᠭ ᠠᠴᠠ ᠰᠡᠷᠭᠡᠶᠢᠯᠡᠬᠦ ᠠᠷᠭ᠎ᠠ ᠶᠢ ᠬᠡᠷᠡᠭᠯᠡᠳᠡᠭ᠂ ᠤᠳᠤᠬᠤ ᠨᠢ ᠬᠦᠮᠦᠨ ᠤ ᠪᠡᠶ᠎ᠡ᠂ ᠭᠡᠷ ᠪᠠᠶᠢᠰᠢᠩ᠂ ᠡᠳ᠋ᠯᠡᠯ ᠬᠡᠷᠡᠭᠰᠡᠯ ᠵᠡᠷᠭᠡ ᠶᠢ ᠤᠳᠤᠬᠤ ᠪᠠᠷ ᠳᠠᠮᠵᠢᠵᠤ ᠨᠢᠶᠠᠨ ᠬᠢᠵᠢᠭ ᠢ ᠨᠢᠳᠤᠯᠠᠬᠤ ᠦᠢᠯᠡᠳᠦᠯ ᠲᠠᠢ᠂ ᠡᠭᠦᠨ ᠳᠤ ᠭᠦᠭᠦᠯ ᠠᠷᠪᠠᠨ ᠨᠢᠭᠡ᠂ ᠭᠥᠨᠲ᠋ᠦᠪ ᠵᠦᠸ᠎ᠠ᠂ ᠲᠡᠭᠡᠷ᠎ᠡ ᠶᠠᠷᠢᠭᠰᠠᠨ ᠶᠢᠰᠦᠨ ᠬᠠᠷ᠎ᠠ ᠵᠡᠷᠭᠡ ᠪᠠᠷ ᠤᠳᠤᠬᠤ ᠠᠴᠠ ᠭᠠᠳᠠᠨ᠎ᠠ᠂ ᠪᠠᠰᠠ ᠲᠤᠬᠠᠢ ᠶᠢᠨ ᠡᠪᠡᠳᠴᠢᠨ ᠤ ᠪᠠᠶᠢᠳᠠᠯ ᠳᠤ ᠳᠤᠬᠢᠷᠠᠭᠤᠯᠤᠨ ᠤᠳᠤᠬᠤ ᠡᠮ ᠢᠶᠠᠨ ᠰᠤᠩᠭᠤᠵᠤ ᠪᠤᠯᠤᠨ᠎ᠠ᠃ ᠤᠤᠭᠤᠯᠭᠠᠵᠤ ᠰᠡᠷᠭᠡᠶᠢᠯᠡᠬᠦ ᠪᠤᠶᠤ ᠵᠠᠰᠠᠬᠤ᠂ ᠡᠨᠡ ᠨᠢ ᠪᠤᠯ ᠬᠢᠵᠢᠭ ᠬᠠᠯᠳᠠᠪᠤᠷᠢ ᠶᠢ ᠰᠡᠷᠭᠡᠶᠢᠯᠡᠬᠦ ᠪᠠ ᠬᠦᠮᠦᠨ ᠤ ᠪᠡᠶ᠎ᠡ ᠶᠢᠨ ᠬᠢᠵᠢᠭ ᠬᠠᠯᠳᠠᠪᠤᠷᠢᠯᠠᠯ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠬᠦ ᠦᠢᠯᠡᠳᠦᠯ ᠪᠦᠬᠦᠢ ᠡᠮ ᠨᠠᠶᠢᠷᠠᠯᠲᠠ ᠶᠢ ᠤᠤᠭᠤᠯᠭᠠᠬᠤ ᠠᠷᠭ᠎ᠠ ᠪᠠᠷ ᠡᠯ᠎ᠡ ᠵᠦᠢᠯ ᠤᠨ ᠬᠠᠯᠳᠠᠪᠤᠷᠢᠳᠤ ᠡᠪᠡᠳᠴᠢᠨ ᠢ ᠨᠡᠶᠢᠳᠡᠮ ᠳᠤᠨᠢ ᠰᠡᠷᠭᠡᠶᠢᠯᠡᠬᠦ ᠠᠷᠭ᠎ᠠ ᠪᠤᠯᠬᠤ ᠶᠤᠮ᠃ ᠡᠭᠦᠨ ᠳᠤ ᠪᠦᠷᠦᠨᠠᠭ ᠬᠤᠷᠢᠨ ᠲᠠᠪᠤ᠂ ︵ᠠᠭᠤᠰᠬᠢᠨ ᠳᠤ ᠪᠤᠯ︶ ᠠᠭᠤᠰᠬᠢᠨ ᠠᠷᠪᠠᠨ ᠨᠠᠢᠮᠠ᠂ ᠽᠠᠨᠳᠠᠨ ᠭᠠᠷᠪᠤ ᠠᠷᠪᠠᠨ ᠲᠠᠪᠤ᠂ ᠯᠤᠤᠵᠢᠨ ᠦᠷᠡᠯ᠂ ᠵᠢᠵᠤᠮᠳᠤᠷᠵᠢ᠂ ᠭᠠᠷᠤᠳᠢ ᠲᠠᠪᠤ ᠵᠡᠷᠭᠡ ᠶᠢᠨ ᠨᠠᠶᠢᠷᠠᠯᠲᠠ ᠠᠴᠠ ᠡᠪᠡᠳᠴᠢᠨ ᠤ ᠲᠤᠬᠠᠢ ᠶᠢᠨ ᠪᠠᠶᠢᠳᠠᠯ ᠲᠠᠢ ᠨᠢ ᠤᠶᠠᠯᠳᠠᠭᠤᠯᠤᠨ ᠤᠤᠭᠤᠯᠭᠠᠵᠤ ᠪᠤᠯᠤᠨ᠎ᠠ᠃
 
ᠢᠷᠡᠯᠲᠡ᠄ ︽ᠬᠤᠯᠪᠤᠭ᠎ᠠ︾ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号