12 ᠰᠠᠷ᠎ᠠ ᠶᠢᠨ 18 ᠤ ᠡᠳᠦᠷ᠂ ᠠᠶᠢᠮᠠᠭ ᠤᠨ ᠬᠠᠤᠯᠢ ᠴᠠᠭᠠᠵᠠ ᠶᠢᠨ ᠲᠤᠪᠴᠢᠶᠠᠨ ᠤ ᠳᠡᠳ᠋ ᠳᠠᠷᠤᠭ᠎ᠠ ᠴᠢᠮᠡᠭ | ᠵᠡᠷᠭᠡ ᠬᠦᠮᠦᠰ ᠲᠠᠶᠢᠹᠤᠰᠧ ᠬᠤᠰᠢᠭᠤᠨ ᠳᠤ ᠬᠦᠨᠵᠡᠬᠡᠶᠢᠷᠵᠡᠦ ︽ᠵᠥᠷᠢᠴᠡᠯ ᠵᠢᠭᠤᠷᠠᠭᠠᠨ ᠢ ᠠᠷᠢᠯᠭᠠᠵᠤ ᠨᠡᠶᠢᠭᠡᠮ ᠤᠨ | ᠲᠣᠭᠲᠠᠭᠤᠨ ᠢ ᠬᠠᠮᠠᠭᠠᠯᠠᠬᠤ︾ ᠲᠤᠰᠬᠠᠶ ᠵᠠᠰᠠᠯᠲᠠ ᠶᠢᠨ ᠠᠵᠢᠯ ᠢ ᠪᠠᠶᠢᠴᠠᠭᠠᠨ ᠵᠢᠯᠤᠭᠤᠳᠴᠠᠢ᠃ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠳ᠋ᠦ᠋ | ᠸᠧᠢ᠂ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠺᠠᠩ ᠵᠢᠶᠠᠨ ᠵᠢᠶᠦ᠋ᠨ ᠪᠠᠷ᠎ᠠ ᠪᠤᠯᠪᠠ᠃ ᠪᠠᠶᠢᠴᠠᠭᠠᠨ ᠰᠤᠳᠤᠯᠬᠤ | ᠳᠤᠭᠤᠶᠢᠯᠠᠩ ᠨᠢ ᠶᠠᠷᠢᠯᠴᠠᠬᠤ ᠬᠤᠷᠠᠯ ᠬᠢᠬᠦ ᠪᠠ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠷᠪᠤᠯᠵᠢᠯᠠᠬᠤ ᠬᠡᠯᠪᠡᠷᠢ | ᠪᠠᠷ᠂ ᠲᠠᠶᠢᠹᠤᠰᠧ ᠬᠤᠰᠢᠭᠤᠨ ᠤ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ᠂ ᠬᠠᠤᠯᠢ ᠳᠤ | ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠨᠠᠮᠳᠠᠭᠤᠯᠬᠤ᠂ ᠭᠤᠤᠯᠳᠠᠯᠭ᠎ᠠ ᠲᠠᠢ ᠬᠥᠮᠦᠰ ᠢ | ᠪᠠᠶᠢᠴᠠᠭᠠᠨ ᠡᠵᠡᠮᠳᠡᠬᠦ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠣᠷᠣᠰᠢᠵᠤ ᠪᠠᠶᠢᠭ᠎ᠠ | ᠠᠰᠠᠭᠤᠳᠠᠯ ᠳᠤ ᠴᠢᠭᠯᠡᠬᠦᠯᠵᠦ ᠴᠡᠭᠴᠡᠯᠡᠨ ᠰᠠᠶᠢᠵᠢᠷᠠᠭᠤᠯᠬᠤ ᠰᠠᠨᠠᠯ ᠰᠠᠨᠠᠭᠤᠯᠭ᠎ᠠ ᠶᠢ ᠳᠤᠷᠠᠳᠤᠭᠰᠠᠨ ᠪᠠᠶᠢᠨ᠎ᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠠᠷᠠᠳ ᠤᠨ ᠰᠢᠭᠦᠬᠦ ᠬᠤᠷᠢᠶ᠎ᠠ᠂ ᠵᠦᠷᠢᠴᠡᠯ | ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠲᠥᠪ᠂ ᠨᠢᠭᠡᠳᠦᠭᠡᠷ ᠳᠤᠮᠳᠠᠳᠤ ᠰᠤᠷᠭᠠᠭᠤᠯᠢ᠂ ᠪᠤᠤᠴᠠᠩ ᠪᠠᠯᠭᠠᠰᠤ᠂ | ᠴᠢᠶᠠᠨ ᠶᠢᠨ ᠭᠸᠦ ᠪᠠᠯᠭᠠᠰᠤ ᠳᠤ ᠬᠦᠨᠵᠡᠬᠡᠶᠢᠷᠡᠵᠦ᠂ ᠰᠢᠶᠠᠩ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠤᠨ | ᠪᠠᠶᠢᠭᠤᠯᠤᠯᠲᠠ᠂ ᠵᠥᠷᠢᠴᠡᠯ ᠵᠢᠭᠤᠷᠠᠭᠠᠨ ᠢ ᠪᠠᠶᠢᠴᠠᠭᠠᠨ ᠠᠷᠢᠯᠭᠠᠬᠤ ᠠᠵᠢᠯ ᠤᠨ ᠠᠬᠢᠴᠠ᠂ ᠵᠥᠷᠢᠴᠡᠯ ᠤᠨ | ᠲᠦᠭᠰᠢᠭᠦᠷᠢ ᠶᠢ ᠨᠠᠮᠳᠠᠭᠤᠯᠵᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠤᠰᠬᠠᠶ ᠵᠠᠰᠠᠯᠲᠠ ᠶᠢᠨ ᠠᠵᠢᠯ ᠵᠡᠷᠭᠡ ᠶᠢ | ᠪᠠᠶᠢᠴᠠᠭᠠᠨ ᠤᠶᠢᠯᠠᠭᠠᠵᠠᠢ᠃ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ | ᠲᠠᠶᠢᠹᠤᠰᠧ ᠬᠤᠰᠢᠭᠤᠨ ᠤ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠪᠦᠭᠡᠳ ᠪᠣᠳᠠᠲᠠᠶ ᠰᠠᠨᠠᠯ ᠱᠠᠭᠠᠷᠳᠠᠯᠭ᠎ᠠ | ᠪᠠᠨ ᠳᠤᠷᠠᠳᠪᠠ᠃ ᠲᠤᠬᠠᠶᠢᠯᠠᠪᠠᠯ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ | ᠪᠠᠷᠢᠮᠲᠠᠯᠠᠨ ᠬᠥᠭᠵᠢᠭᠦᠯᠵᠦ᠂ ᠡᠯ᠎ᠡ ᠲᠦᠷᠦᠯ ᠤᠨ ᠲᠤᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ᠂ | ᠭᠤᠣᠯᠳᠠᠯᠭ᠎ᠠ ᠲᠠᠢ ᠬᠥᠮᠦᠰ ᠪᠠ ᠭᠤᠣᠯᠳᠠᠯᠭ᠎ᠠ ᠲᠠᠢ ᠭᠠᠵᠠᠷ ᠣᠷᠣᠨ ᠤ ᠰᠡᠷᠭᠡᠶᠢᠯᠡᠨ ᠡᠵᠡᠮᠳᠡᠬᠦ ᠠᠵᠢᠯ ᠢ ᠰᠠᠶᠢᠨ | ᠬᠢᠵᠦ᠂ ᠴᠠᠭᠳᠠᠭ᠎ᠠ ᠪᠠ ᠰᠤᠷᠭᠠᠭᠤᠯᠢ ᠶᠢᠨ ᠬᠠᠮᠵᠢᠯᠴᠠᠭ᠎ᠠ ᠶᠢ ᠴᠢᠩᠭᠠᠳᠬᠠᠨ᠂ ᠠᠮᠤᠷ ᠲᠣᠭᠲᠠᠭᠤᠨ ᠢ ᠨᠥᠯᠥᠭᠡᠯᠡᠬᠦ | ᠴᠤᠬᠤᠶᠢᠯᠲᠠ ᠶᠢᠨ ᠴᠢᠨᠠᠷᠳᠠᠢ ᠭᠡᠮ ᠰᠣᠭᠤᠭ ᠢ ᠴᠠᠭ ᠲᠤᠬᠠᠢ ᠳᠤᠨᠢ ᠢᠯᠡᠷᠡᠬᠦᠯᠦᠨ᠂ ᠡᠵᠡᠮᠳᠡᠯ ᠬᠠᠮᠢᠶᠠᠷᠤᠯᠲᠠ | ᠠᠯᠳᠠᠭᠳᠠᠬᠤ ᠶᠢ ᠴᠢᠩᠭ᠎ᠠ ᠰᠡᠷᠭᠡᠶᠢᠯᠡᠵᠦ᠂ ᠵᠢᠯ ᠤᠨ ᠡᠴᠦᠰ ᠤᠨ ᠨᠡᠶᠢᠭᠡᠮ ᠤᠨ ᠠᠮᠤᠷ ᠲᠣᠭᠲᠠᠭᠤᠨ ᠢ ᠡᠷᠭᠡᠪᠰᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ |