2024 ᠣᠨ ᠳᠤ᠂ ᠲᠠᠶᠢᠹᠤᠰᠧ ᠬᠤᠰᠢᠭᠤᠨ ᠤ ᠬᠢᠨ ᠤᠨᠤᠯ ᠤᠨ ᠰᠤᠷᠤᠯᠴᠠᠯᠭ᠎ᠠ᠂ ᠰᠤᠶᠤᠯ ᠤᠨ ᠠᠵᠢᠯᠯᠠᠭ᠎ᠠ᠂ | ᠨᠡᠶᠢᠬᠡᠮ ᠤᠨ ᠦᠢᠯᠡᠴᠢᠯᠡᠭᠡ ︽ᠭᠤᠷᠪᠠᠨ ᠲᠠᠯ᠎ᠠ︾ ᠳᠤ ᠠᠩᠬᠠᠷᠤᠯ ᠲᠦᠪᠯᠡᠷᠡᠬᠦᠯᠦᠨ᠂ ᠱᠠᠰᠢᠨ ᠰᠤᠷᠲᠠᠬᠤᠨ ᠤ | ᠡᠷᠡᠭᠦᠯ ᠢᠶᠠᠷ ᠤᠯᠠᠮᠵᠢᠯᠠᠭᠳᠠᠬᠤ ᠶᠢ ᠠᠬᠢᠭᠤᠯᠵᠠᠢ᠃ ᠨᠢᠭᠡ ᠳᠤ᠂ ᠤᠨᠤᠯ ᠤᠨ ᠰᠤᠷᠤᠯᠴᠠᠯᠭ᠎ᠠ ᠶᠢ ︽ | ᠪᠣᠳᠠᠲᠠᠶᠢᠵᠢᠭᠤᠯᠬᠤ︾ ᠳᠤ ᠠᠩᠬᠠᠷᠤᠯ ᠲᠦᠪᠯᠡᠷᠡᠬᠦᠯᠪᠡ᠃ ᠱᠠᠰᠢᠨ ᠰᠤᠷᠲᠠᠬᠤᠨ ᠤ ᠡᠲᠡᠭᠡᠳ ᠤᠨ ᠪᠠᠶᠢᠩᠭᠤ ᠶᠢᠨ | ᠰᠤᠷᠤᠯᠴᠠᠬᠤ ᠲᠣᠭᠲᠠᠴᠠ ᠶᠢ ᠪᠠᠶᠢᠭᠤᠯᠤᠨ᠂ ᠪᠥᠬᠦ ᠬᠤᠰᠢᠭᠤᠨ ᠤ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠢ | ᠵᠣᠬᠢᠶᠠᠨ ᠪᠠᠶᠢᠭᠤᠯᠵᠤ ᠨᠠᠮ ᠤᠨ ᠬᠤᠷᠢᠳᠤᠭᠠᠷ ᠶᠡᠭᠡ ᠬᠤᠷᠠᠯ᠂ ᠶᠡᠷᠦᠩᠬᠡᠶ ᠱᠦᠵᠢ ᠰᠢ ᠶᠢᠨ ᠫᠢᠩ ᠤᠨ ᠱᠠᠰᠢᠨ | ᠰᠤᠷᠲᠠᠬᠤᠨ ᠤ ᠠᠵᠢᠯ ᠤᠨ ᠲᠤᠬᠠᠶ ᠵᠢᠭᠠᠪᠤᠷᠢ ᠴᠤᠬᠤᠯᠠᠪᠤᠷᠢ ᠵᠡᠷᠭᠡ ᠴᠢᠬᠤᠯᠠ ᠠᠭᠤᠯᠭ᠎ᠠ ᠶᠢ 10 ᠭᠠᠷᠤᠶ ᠤᠳᠠᠭ᠎ᠠ | ᠰᠤᠷᠤᠯᠴᠠᠵᠤ᠂ ᠦᠵᠡᠯ ᠰᠠᠨᠠᠭ᠎ᠠ ᠲᠠᠨᠢᠯᠲᠠ ᠶᠢ ᠭᠦᠨᠵᠡᠭᠡᠶᠢᠷᠡᠭᠦᠯᠦᠨ᠂ ᠤᠯᠤᠰ ᠲᠥᠷᠥ ᠶᠢᠨ ᠮᠡᠳᠡᠷᠡᠮᠵᠢ ᠶᠢ | ᠨᠡᠮᠡᠭᠳᠡᠭᠦᠯᠵᠦ᠂ ᠱᠠᠰᠢᠨ ᠰᠤᠷᠲᠠᠬᠤᠨ ᠤ ᠡᠲᠡᠭᠡᠳ ᠤᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ | ᠭᠦᠨᠵᠡᠭᠡᠶ ᠦᠷᠨᠢᠬᠦᠯᠦᠭᠰᠡᠨ ᠪᠦᠭᠡᠳ ︽ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠭᠰᠠᠨ ᠴᠢᠭᠯᠡᠯ ᠢ | ᠪᠠᠷᠢᠮᠲᠠᠯᠠᠬᠤ︾ ︽ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢᠶᠠᠨ ᠬᠠᠶᠢᠷᠠᠯᠠᠬᠤ︾ ︽ | ᠨᠠᠮ ᠤᠨ ᠠᠴᠢ ᠳᠤ ᠲᠠᠯᠠᠷᠬᠠᠬᠤ᠂ ᠨᠠᠮ ᠤᠨ ᠢᠶᠠᠨ ᠦᠭᠡ ᠶᠢ ᠰᠣᠨᠣᠰᠬᠤ᠂ ᠨᠠᠮ ᠢᠶᠠᠨ ᠲᠠᠭᠠᠵᠤ ᠤᠷᠤᠭᠰᠢᠯᠠᠬᠤ︾ | ︽ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠦᠢᠯᠡᠳᠦᠯᠬᠡᠵᠢᠬᠦᠯᠬᠦ ︾ ᠵᠡᠷᠭᠡ ᠭᠤᠤᠯ | ᠰᠡᠳᠦᠪᠲᠦ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ 30 ᠭᠠᠷᠤᠶ ᠤᠳᠠᠭ᠎ᠠ ᠦᠷᠨᠢᠬᠦᠯᠦᠭᠡᠳ ︽ᠲᠠᠪᠤᠨ | ᠮᠡᠳᠡᠷᠡᠬᠦᠢ︾ ᠶᠢ ᠲᠠᠰᠤᠷᠠᠯᠲᠠ ᠥᠬᠡᠶ ᠴᠢᠩᠭᠠᠳᠬᠠᠵᠤ᠂ ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠬᠤ | ᠶᠠᠪᠤᠴᠠ ᠳᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠡᠷᠡᠰ ᠵᠣᠷᠢᠭ ᠢ ᠪᠠᠳᠤᠳᠬᠠᠭᠰᠠᠨ ᠪᠠᠶᠢᠨ᠎ᠠ᠃ ᠬᠤᠶᠠᠷ | ᠲᠤ᠂ ᠰᠣᠶᠣᠯ ᠤᠨ ᠠᠵᠢᠯᠯᠠᠭ᠎ᠠ ᠶᠢ ︽ᠪᠠᠶᠢᠩᠭᠤᠵᠢᠭᠤᠯᠬᠤ︾ ᠳᠤ ᠠᠩᠬᠠᠷᠤᠯ ᠲᠦᠪᠯᠡᠷᠡᠬᠦᠯᠪᠡ᠃ ᠲᠠᠪᠤᠨ | ᠰᠠᠷ᠎ᠠ ᠶᠢᠨ ᠰᠢᠨ᠎ᠡ ᠶᠢᠨ ᠲᠠᠪᠤᠨ᠂ ᠨᠠᠢᠮᠠᠨ ᠰᠠᠷ᠎ᠠ ᠶᠢᠨ ᠠᠷᠪᠠᠨ ᠲᠠᠪᠤᠨ᠂ ᠰᠢᠨ᠎ᠡ ᠵᠢᠯ᠂ ᠴᠠᠭᠠᠨ ᠰᠠᠷ᠎ᠠ ᠵᠡᠷᠭᠡ | ᠤᠯᠠᠮᠵᠢᠯᠠᠯᠲᠤ ᠪᠠᠶᠠᠷ ᠤᠨ ᠡᠳᠦᠷ ᠢ ᠲᠤᠬᠢᠶᠠᠯᠳᠤᠭᠤᠯᠤᠨ᠂ ᠱᠠᠰᠢᠨ ᠰᠤᠷᠲᠠᠬᠤᠨ ᠤ ᠡᠲᠡᠭᠡᠳ ᠤᠨ ᠬᠢᠨ ᠳᠤ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ︽ᠤᠯᠤᠰ ᠢᠶᠠᠨ | ᠬᠠᠶᠢᠷᠠᠯᠠᠬᠤ ᠦᠵᠡᠯ ᠤᠨ ᠤᠬᠠᠭᠤᠯᠭ᠎ᠠ ᠬᠦᠮᠦᠵᠢᠯ︾ ︽ᠱᠠᠰᠢᠨ ᠰᠤᠷᠲᠠᠬᠤᠨ ᠤ ᠳᠤᠮᠳᠠᠳᠤ ᠤᠯᠤᠰᠵᠢᠯᠳᠠ ᠶᠢᠨ | ᠰᠤᠳᠤᠯᠤᠨ ᠶᠠᠷᠢᠯᠴᠠᠬᠤ ᠬᠤᠷᠠᠯ ︾ ᠵᠡᠷᠭᠡ ᠭᠤᠣᠯ ᠰᠡᠳᠦᠪᠲᠦ ᠠᠵᠢᠯᠯᠠᠭ᠎ᠠ ᠶᠢ 15 ᠤᠳᠠᠭ᠎ᠠ ᠥᠷᠨᠢᠭᠦᠯᠵᠦ᠂ | ᠱᠠᠰᠢᠨ ᠰᠤᠷᠲᠠᠬᠤᠨ ᠤ ᠡᠲᠡᠭᠡᠳ ᠤᠨ ᠬᠢᠨ ᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠨ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢᠶᠠᠷ ᠱᠠᠰᠢᠨ ᠰᠤᠷᠲᠠᠬᠤᠨ ᠢ ᠤᠮᠳᠠᠯᠠᠵᠤ᠂ ᠱᠠᠰᠢᠨ | ᠰᠤᠷᠲᠠᠬᠤᠨ ᠤ ᠲᠦᠷᠢᠮ ᠲᠤᠭᠳᠠᠭᠠᠯ ᠢ ᠭᠡᠷᠡᠭᠵᠢᠬᠦᠯᠬᠦ᠂ ᠱᠠᠰᠢᠨ ᠰᠤᠷᠳᠠᠬᠤᠨ ᠤ ᠦᠢᠯᠡ ᠠᠵᠢᠯᠯᠠᠭ᠎ᠠ ᠶᠢ | ᠲᠦᠷᠢᠮᠵᠢᠬᠦᠯᠬᠦ ᠵᠡᠷᠭᠡ ᠲᠠᠯ᠎ᠠ ᠪᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠯᠤᠭ᠎ᠠ ᠤᠶᠠᠯᠳᠤᠭᠤᠯᠤᠨ | ᠠᠬᠢᠭᠤᠯᠤᠭᠰᠠᠨ ᠪᠠᠶᠢᠨ᠎ᠠ᠃ ᠭᠤᠷᠪᠠ ᠳᠤ᠂ ᠨᠡᠶᠢᠭᠡᠮ ᠳᠤ ᠦᠢᠯᠡᠴᠢᠯᠡᠬᠦ ᠶᠢ ︽ᠦᠷ᠎ᠡ ᠪᠦᠳᠦᠮᠵᠢ ᠲᠠᠢ ᠪᠠᠶᠢᠯᠭᠠᠬᠤ︾ | ᠳᠤ ᠠᠩᠬᠠᠷᠤᠯ ᠲᠦᠪᠯᠡᠷᠡᠬᠦᠯᠪᠡ᠃ ᠤᠯᠤᠰ ᠲᠥᠷᠥ ᠶᠢᠨ ᠲᠠᠯ᠎ᠠ ᠪᠠᠷ ᠬᠠᠷᠢᠯᠴᠠᠨ ᠬᠠᠮᠲᠤᠷᠠᠯᠴᠠᠬᠤ᠂ ᠠᠵᠢᠯ ᠤᠨ | ᠲᠠᠯ᠎ᠠ ᠪᠠᠷ ᠬᠠᠷᠢᠯᠴᠠᠨ ᠬᠠᠮᠵᠢᠯᠴᠠᠬᠤ᠂ ᠠᠮᠢᠳᠤᠷᠠᠯ ᠤᠨ ᠲᠠᠯ᠎ᠠ ᠪᠠᠷ ᠬᠠᠷᠢᠯᠴᠠᠨ ᠬᠠᠯᠠᠮᠵᠢᠯᠠᠬᠤ᠂ ᠢᠲᠡᠭᠡᠯ | ᠪᠢᠰᠢᠷᠡᠯ ᠤᠨ ᠲᠠᠯ᠎ᠠ ᠪᠠᠷ ᠬᠠᠷᠢᠯᠴᠠᠨ ᠬᠦᠨᠳᠦᠳᠬᠡᠬᠦ ᠵᠠᠷᠴᠢᠮ ᠢ ᠪᠠᠷᠢᠮᠳᠠᠯᠠᠨ᠂ ᠱᠠᠰᠢᠨ ᠰᠤᠷᠲᠠᠬᠤᠨ ᠤ | ᠡᠲᠡᠭᠡᠳ ᠤᠨ ᠬᠢᠨ ᠲᠠᠢ ᠦᠨᠡᠨ ᠰᠡᠳᠬᠢᠯ ᠠᠴᠠ ᠪᠠᠨ ᠨᠠᠶᠢᠵᠠᠯᠠᠵᠤ᠂ ᠲᠡᠳᠡᠨ ᠤ ᠰᠠᠨᠠᠯ ᠰᠠᠨᠠᠭᠤᠯᠭ᠎ᠠ ᠶᠢ ᠨᠢ | ᠦᠷᠬᠦᠯᠵᠢ ᠰᠣᠨᠣᠰᠴᠤ᠂ ᠪᠣᠳᠠᠲᠠᠶ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠬᠦ ᠶᠢᠨ ᠬᠠᠮᠲᠤ᠂ ᠱᠠᠰᠢᠨ | ᠰᠤᠷᠲᠠᠬᠤᠨ ᠤ ᠡᠲᠡᠭᠡᠳ ᠤᠨ ᠨᠡᠶᠢᠬᠡᠮ ᠨᠡᠶᠢᠲᠡ ᠳᠤ ᠬᠠᠯᠠᠭᠤᠮᠰᠠᠭ ᠢᠶᠠᠷ ᠦᠢᠯᠡᠴᠢᠯᠡᠬᠦ ᠰᠢᠯᠢᠳᠡᠭ ᠤᠯᠠᠮᠵᠢᠯᠠᠯ ᠢ | ᠪᠠᠳᠠᠷᠠᠭᠤᠯᠤᠨ᠂ ᠨᠡᠶᠢᠭᠡᠮ ᠤᠨ ᠬᠠᠷᠢᠭᠤᠴᠠᠯᠭ᠎ᠠ ᠪᠠᠨ ᠬᠦᠢᠴᠡᠳᠭᠡᠬᠦ ᠶᠢ ᠠᠬᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠶᠠᠳᠠᠭᠤ ᠶᠢ ᠲᠡᠳᠬᠦᠵᠦ ᠬᠦᠴᠢᠷᠳᠡᠯᠲᠡᠶ ᠶᠢ ᠲᠤᠰᠠᠯᠠᠬᠤ ᠵᠡᠷᠭᠡ ᠨᠡᠶᠢᠲᠡ ᠶᠢᠨ | ᠠᠰᠠᠷᠠᠮᠵᠢ ᠶᠢᠨ ᠦᠢᠯᠡᠰ ᠲᠤ ᠢᠳᠡᠪᠬᠢᠲᠡᠶ ᠤᠷᠤᠯᠴᠠᠭᠤᠯᠤᠭᠠᠳ᠂ ᠱᠠᠰᠢᠨ ᠰᠤᠷᠲᠠᠬᠤᠨ ᠤ ᠬᠦᠴᠦᠨ ᠴᠢᠳᠠᠯ ᠢ | ᠢᠯᠡᠷᠡᠬᠦᠯᠦᠭᠰᠡᠨ ᠪᠠᠶᠢᠨ᠎ᠠ᠃ |