ᠶᠦᠩ ᠹᠧᠩ ᠪᠠᠯᠭᠠᠰᠤ ︽ᠬᠠᠤᠯᠢ ᠶᠢᠨ ᠤᠬᠠᠭᠤᠯᠭ᠎ᠠ ᠶᠢ ᠬᠥᠳᠡᠭᠡ  ᠬᠦᠷᠭᠡᠵᠦ ᠬᠠᠤᠯᠢ ᠶᠢᠨ ᠮᠡᠳᠡᠯᠭᠡ ᠶᠢ ᠤᠯᠠᠨ ᠳᠤ ᠲᠦᠭᠡᠮᠡᠯᠵᠢᠭᠦᠯᠬᠦ︾  ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/20
  ᠠᠷᠠᠳ ᠢᠷᠭᠡᠳ ᠤᠨ ᠬᠠᠤᠯᠢ ᠶᠢᠨ ᠤᠬᠠᠮᠰᠠᠷ ᠢ ᠴᠢᠩᠭᠠᠳᠬᠠᠵᠤ᠂ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷ ᠪᠠ ᠬᠠᠤᠯᠢ ᠶᠣᠰᠣᠭᠠᠷ ᠡᠷᠬᠡ  ᠠᠰᠢᠭ ᠢᠶᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠤᠶᠢᠷ᠎ᠠ ᠳᠤ ᠶᠦᠩ ᠹᠧᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ ᠨᠢ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠲᠠᠢ ᠬᠠᠮᠲᠤᠷᠠᠨ  ᠡᠯ᠎ᠡ ᠲᠤᠰᠬᠤᠨ  ᠢᠶᠠᠷ ᠬᠦᠨᠵᠡᠬᠡᠶᠢᠷᠡᠵᠦ ︽ᠢᠷᠭᠡᠨ ᠤ ᠬᠠᠤᠯᠢ ᠶᠢᠨ ᠪᠢᠴᠢᠭ ︾ ᠤᠨ ᠤᠬᠠᠭᠤᠯᠭ᠎ᠠ ᠲᠠᠶᠢᠯᠤᠮᠵᠢ ᠬᠢᠵᠡᠢ᠃ ᠬᠠᠤᠯᠢ ᠴᠠᠭᠠᠵᠠ ᠶᠢᠨ ᠰᠠᠯᠪᠤᠷᠢ ᠶᠢᠨ ᠳᠠᠷᠤᠭ᠎ᠠ ᠬᠠᠨ ᠯᠢ ᠨᠠ ᠠᠴᠠ ᠡᠯ᠎ᠡ ᠲᠤᠰᠬᠤᠨ ᠤ ᠨᠠᠮ ᠤᠨ ᠭᠡᠰᠢᠭᠦᠨ ᠣᠯᠠᠨ ᠲᠦᠮᠡᠨ ᠳᠤ ︽ᠤᠷᠤᠭ ᠤᠨ ᠬᠠᠤᠯᠢ︾ ︽ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ ︽ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠵᠡᠷᠭᠡ ᠬᠠᠤᠯᠢ ᠲᠦᠷᠢᠮ ᠢ ᠨᠠᠷᠢᠨ ᠲᠠᠶᠢᠯᠪᠤᠷᠢᠯᠠᠵᠤ᠂ ᠡᠮᠡᠭᠲᠡᠶᠢᠴᠦᠳ ᠲᠤ ᠬᠦᠴᠢᠷᠳᠡᠯ ᠲᠤᠯᠭᠠᠷᠠᠪᠠᠯ ᠬᠡᠷᠬᠢᠨ ᠬᠠᠤᠯᠢ ᠴᠠᠭᠠᠵᠠ ᠶᠢᠨ ᠲᠤᠰᠠᠯᠠᠮᠵᠢ ᠠᠪᠬᠤ ᠲᠤᠬᠠᠶ ᠵᠢᠭᠠᠨ ᠵᠢᠯᠤᠭᠤᠳᠤᠭᠰᠠᠨ ᠤ ᠬᠠᠮᠳᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠠᠢ᠃ ᠤᠬᠠᠭᠤᠯᠭ᠎ᠠ ᠲᠠᠶᠢᠯᠤᠮᠵᠢ ᠪᠠᠷ ᠲᠠᠮᠵᠢᠭᠠᠳ᠂ ᠬᠠᠮᠢᠶ᠎ᠠ  ᠪᠦᠬᠦᠢ ᠬᠠᠤᠯᠢ ᠶᠢᠨ ᠮᠡᠳᠡᠯᠭᠡ ᠶᠢ ᠠᠷᠠᠳ ᠢᠷᠭᠡᠳ ᠲᠤ ᠨᠡᠩ ᠰᠢᠰᠲ᠋ᠧᠮ ᠲᠠᠢ ᠪᠦᠬᠦ ᠲᠠᠯ᠎ᠠ ᠪᠠᠷ ᠣᠶᠢᠯᠠᠭᠠᠭᠤᠯᠵᠤ᠂ ᠤᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠣᠯᠤᠨ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠠᠶᠢᠨ ᠰᠠᠶᠢᠬᠠᠨ ᠬᠠᠤᠯᠢᠵᠢᠯ  ᠤᠨ ᠠᠭᠤᠷ ᠠᠮᠢᠰᠬᠤᠯ ᠢ ᠪᠤᠢ ᠪᠤᠯᠭᠠᠭᠰᠠᠨ ᠤ ᠬᠠᠮᠲᠤ᠂  ᠶᠠᠮᠠᠷᠪᠠ ᠦᠶ᠎ᠡ ᠳᠤ ᠴᠤ ᠬᠠᠤᠯᠢ ᠶᠢᠨ ᠲᠠᠭᠠᠤ ᠠᠵᠢᠯ ᠶᠠᠪᠤᠳᠠᠯ ᠬᠢᠬᠦ᠂ ᠤᠬᠠᠭᠠᠯᠢᠭ ᠪᠦᠭᠡᠳ ᠬᠠᠤᠯᠢ ᠶᠤᠰᠤᠭᠠᠷ ᠬᠦᠰᠡᠯ ᠱᠠᠭᠠᠷᠳᠠᠯᠭ᠎ᠠ ᠪᠠᠨ ᠢᠯᠡᠳᠭᠡᠬᠦ ᠶᠢ ᠤᠷᠢᠶᠠᠯᠠᠭᠠᠳ᠂ ᠡᠶ᠎ᠡ ᠵᠣᠬᠢᠴᠠᠩᠭᠤᠢ ᠪᠣᠯᠪᠠᠰᠤᠨ ᠰᠠᠶᠢᠬᠠᠨ ᠠᠮᠤᠷ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠳᠤ ᠬᠦᠴᠦᠨ ᠨᠡᠮᠡᠷᠢᠯᠡᠪᠡ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号